蒙古文网站Logo
ᠰᠢᠨᠬᠤᠸᠠ ᠮᠤᠩᠭ᠋ᠤᠯ ᠨᠧᠲ

ᠤᠷᠤᠨ ᠲᠠᠶᠠᠭᠠᠷ ᠤᠨ ᠶᠡᠬᠡ ᠲᠡᠭᠡᠳᠦ ᠰᠤᠷᠭᠠᠭᠤᠯᠢ ᠶᠢᠨ ᠵᠠᠯᠠᠭᠤᠴᠤᠳ ᠤᠨ ᠤᠷᠠᠨ ᠪᠦᠲᠦᠭᠡᠯ ᠤᠨ ᠦᠵᠡᠰᠭᠦᠯᠡᠩ ᠬᠦᠬᠡᠬᠤᠲᠠ ᠳ᠋ᠤ ᠨᠡᠬᠡᠬᠡᠯᠲᠡ ᠪᠠᠨ ᠬᠢᠯ᠎ᠠ

2017-03-20 11:35

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 3 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠬᠦᠵᠡᠰᠭᠦᠯᠡᠩ ) 20 ᠤ ᠡᠲᠦᠷ᠂ ᠤᠷᠤᠨ ᠲᠠᠶᠠᠭᠠᠷ ᠤᠨ ᠶᠡᠬᠡ ᠲᠡᠭᠡᠳᠦ ᠰᠤᠷᠭᠠᠭᠤᠯᠢ ᠶᠢᠨ ᠵᠠᠯᠠᠭᠤᠴᠤᠳ ᠤᠨ ᠤᠷᠠᠨ ᠪᠦᠲᠦᠭᠡᠯ ᠤᠨ ᠦᠵᠡᠰᠭᠦᠯᠡᠩ ᠬᠦᠬᠡᠬᠤᠲᠠ ᠳ᠋ᠡᠬᠢ ᠦᠪᠦᠷ ᠮᠤᠩᠭ᠋ᠤᠯ ᠤᠨ ᠤᠷᠠᠨ ᠵᠢᠷᠤᠭ ᠤᠨ ᠦᠵᠡᠰᠭᠦᠯᠡᠩ ᠤᠨ ᠤᠷᠲᠤᠨ ᠳ᠋ᠤ ᠨᠡᠬᠡᠬᠡᠯᠲᠡ ᠪᠠᠨ ᠬᠢᠯ᠎ᠡ᠃

    ᠤᠢᠢᠯᠠᠭᠠᠭᠰᠠᠨ ᠶᠢᠡᠷ᠂ 3 ᠰᠠᠷ᠎ᠠ ᠶᠢᠨ 20 ᠤ ᠡᠲᠦᠷ ᠡᠴᠡ 23 ᠤ ᠡᠲᠦᠷ ᠪᠤᠯᠲᠠᠯ᠎ᠠ ᠵᠤᠬᠢᠶᠠᠨ ᠪᠠᠢᠢᠭᠤᠯᠤᠭᠲᠠᠬᠤ ᠡᠨᠡᠬᠦ ᠦᠵᠡᠰᠭᠦᠯᠡᠩ ᠨᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠠᠢᠢᠭᠤᠯᠤᠭᠲᠠᠭᠰᠠᠨ 70 ᠵᠢᠯ ᠤᠨ ᠤᠢ ᠳ᠋ᠤ ᠵᠤᠷᠢᠭᠤᠯᠤᠨ᠂ ᠤᠷᠤᠨ ᠲᠠᠶᠠᠭᠠᠷ ᠤᠨ ᠶᠡᠬᠡ ᠲᠡᠭᠡᠳᠦ ᠰᠤᠷᠭᠠᠭᠤᠯᠢ ᠶᠢᠨ ᠤᠷᠠᠨ ᠪᠦᠲᠦᠭᠡᠯᠴᠢ ᠵᠠᠯᠠᠭᠤᠴᠤᠳ ᠤᠨ ᠤᠳᠬ᠎ᠠ ᠤᠷᠠᠯᠢᠭ ᠤᠨ ᠬᠦᠰᠡᠯ ᠬᠦᠭᠡᠭᠡᠴᠡᠯᠲᠦᠯ᠂ ᠵᠤᠬᠢᠶᠠᠨ ᠪᠦᠲᠦᠭᠡᠯᠭᠡ ᠵᠢᠨ ᠤᠷ᠎ᠠ ᠠᠪᠢᠶᠠᠰ ᠢ ᠭᠦᠢᠴᠡᠳ ᠬᠠᠷᠠᠭᠤᠯᠬᠤ ᠪᠠᠷ ᠵᠤᠷᠢᠯᠳᠠ ᠪᠠᠨ ᠪᠤᠯᠭᠠᠵᠠᠢ᠃

    ᠤᠷᠠᠨ ᠪᠦᠲᠦᠭᠡᠯ ᠤᠨ ᠦᠵᠡᠰᠭᠦᠯᠡᠩ ᠶᠢᠡᠷ᠂ ᠬᠢᠲᠠᠳ ᠵᠢᠷᠤᠭ᠂ ᠲᠤᠰᠤᠨ ᠵᠢᠷᠤᠭ᠂ ᠪᠠᠷ ᠵᠢᠷᠤᠭ ᠤᠨ 132 ᠤᠷᠠᠨ ᠪᠦᠲᠦᠭᠡᠯ ᠲᠡᠯᠭᠡᠭ᠍ᠲᠡᠬᠦ ᠪᠤᠯᠤᠨ᠎ᠠ᠃

    ᠰᠡᠳᠦᠪ ᠰᠤᠩᠭ᠋ᠤᠯᠲᠠ᠂ ᠦᠩᠭᠡ ᠪᠤᠲᠤᠭ ᠤᠨ ᠵᠤᠬᠢᠴᠠᠯ᠂ ᠵᠢᠷᠤᠭ ᠤᠨ ᠵᠤᠬᠢᠶᠠᠮᠵᠢ ᠶᠢᠨ ᠲᠠᠯ᠎ᠠ ᠳ᠋ᠤ ᠦᠪᠡᠷᠮᠢᠴᠡ ᠤᠨᠴᠠᠯᠢᠭ ᠲᠠᠢ ᠡᠲᠡᠭᠡᠷ ᠤᠷᠠᠨ ᠪᠦᠲᠦᠭᠡᠯ ᠨᠢ ᠠᠭᠤᠯᠭ᠎ᠠ ᠡᠷᠡᠬᠦᠯ ᠰᠠᠨᠠᠭ᠎ᠠ ᠪᠠᠶᠠᠯᠢᠭ ᠪᠠᠢᠢᠵᠤ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠠᠢᠢᠭᠤᠯᠤᠭᠲᠠᠭᠰᠠᠨ 70 ᠵᠢᠯ ᠤᠨ ᠲᠤᠷᠰᠢᠬᠢ ᠨᠡᠢᠢᠭᠡᠮ ᠡᠳ᠋ ᠤᠨ ᠵᠠᠰᠠᠭ ᠤᠨ ᠯᠤᠲᠤ ᠶᠡᠬᠡ ᠬᠦᠭ᠍ᠵᠢᠯᠲᠠ ᠶᠢ ᠦᠵᠡᠬᠦᠯᠬᠦ ᠪᠡᠷ ᠦᠯᠦ ᠪᠠᠷᠠᠮ ᠶᠡᠬᠡ ᠲᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠴᠢᠲᠠᠪᠤᠷᠢᠲᠠᠨ ᠬᠦᠮᠦᠵᠢᠬᠦᠯᠬᠦ ᠳ᠋ᠤ ᠠᠬᠢᠭᠤᠯᠬᠤ ᠦᠢᠯᠡᠳᠦᠯ ᠦᠵᠡᠬᠦᠯᠬᠦ ᠪᠤᠯᠤᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120791120658506