蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠪᠠᠷᠠᠭᠤᠨ ᠪᠦᠰᠡ ᠨᠤᠲᠤᠭ ᠢᠶᠡᠷ ᠡᠷᠲᠡᠨ ᠤ ᠨᠡᠭᠦᠳᠡᠯᠴᠢᠨ ᠦᠨᠳᠦᠰᠦᠲᠡᠨ ᠤ ᠬᠠᠳᠠᠨ ᠵᠢᠷᠤᠭ ᠤᠳ ᠢ ᠢᠯᠡᠷᠡᠭᠦᠯᠪᠠ

2017-03-22 16:53

    ᠰᠢᠨᠬᠤᠸᠠ ᠬᠤᠷᠢᠶ᠎ᠠ ᠬᠦᠬᠡᠬᠤᠲᠠ ᠶᠢᠨ 3 ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠤᠷᠢᠬᠠᠨ ᠬᠠᠯᠢᠨ᠎ᠠ) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠯᠠᠱᠠ ᠵᠡᠭᠦᠨ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠲᠦᠷᠦᠭᠦᠭᠡᠨ ᠠᠷᠬᠢᠯᠤᠭᠢᠴᠢᠳ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠪᠦᠭᠦᠲᠤ ᠭᠠᠴᠠᠭ᠎ᠠ ᠶᠢᠨ ᠨᠤᠳᠤᠬ ᠡᠴᠡ ᠨᠡᠭᠦᠳᠡᠯᠴᠢᠨ ᠦᠨᠳᠦᠰᠦᠲᠡᠨ ᠤ ᠬᠠᠳᠠᠨ ᠵᠢᠷᠤᠬ ᠤᠳ ᠢ ᠰᠢᠨ᠎ᠠ ᠪᠡᠷ ᠢᠯᠡᠷᠡᠭᠦᠯᠵᠤ᠂ ᠠᠩᠬ᠎ᠠ ᠲᠤᠳᠤᠯᠠᠭᠰᠠᠨ ᠢᠶᠡᠷ ᠨᠡᠯᠢᠶᠡᠳ ᠡᠷᠲᠡᠨ ᠤ ᠬᠠᠳᠠᠨ ᠵᠢᠷᠤᠭ ᠨᠢ 2000 ᠭᠠᠷᠤᠢ ᠵᠢᠯ  ᠤᠨ ᠲᠡᠤᠬᠡ ᠲᠠᠢ᠃

    ᠤᠶᠢᠯᠠᠭᠠᠭᠰᠠᠨ ᠢᠶᠡᠷ᠂ ᠰᠢᠨ᠎ᠠ ᠪᠡᠷ ᠢᠯᠡᠷᠡᠭᠦᠯᠦᠭᠰᠡᠨ ᠬᠠᠳᠠᠨ ᠵᠢᠷᠤᠭ ᠤᠳ ᠨᠢ ᠠᠯᠠᠱᠠ ᠠᠭᠤᠯᠠ ᠶᠢᠨ ᠪᠠᠷᠠᠭᠤᠨ ᠳᠡᠬᠢ ᠬᠠᠭᠰᠢᠮᠠᠯ ᠲᠠᠯ᠎ᠠ ᠳᠤ ᠪᠠᠶᠢᠷᠢᠯᠠᠵᠤ᠂ ᠵᠡᠭᠦᠨᠰᠢ ᠪᠠᠷᠠᠭᠤᠨᠰᠢ ᠤᠷᠲᠤ ᠨᠢ 4000 ᠮᠧᠲ᠋ᠷ᠂ ᠡᠮᠦᠨᠡᠰᠢ ᠤᠮᠠᠷᠠᠰᠢ ᠦᠷᠭᠡᠨ ᠢᠶᠡᠷ ᠢᠶᠡᠨ 3000 ᠮᠧᠲ᠋ᠷ ᠤᠨ ᠬᠡᠪᠴᠢᠶ᠎ᠠ ᠲᠠᠢ᠂ ᠶᠡᠷᠦᠩᠬᠡᠢ ᠲᠠᠯᠠᠪᠠᠢ ᠨᠢ 12 ᠭᠦᠸᠠᠳ᠋ ᠺᠢᠯᠦᠮᠧᠲ᠋ᠷ᠂ 2000 ᠭᠠᠷᠤᠢ ᠬᠠᠳᠠᠨ ᠵᠢᠷᠤᠭ ᠲᠠᠢ ᠂ ᠪᠠᠶᠠᠨᠬᠤᠲᠠ ᠶᠢᠨ ᠬᠠᠳᠠᠨ ᠵᠢᠷᠤᠭ ᠬᠡᠮᠡᠨ ᠨᠡᠷᠡᠯᠡᠪᠠ᠃

    ᠠᠯᠠᠱᠠ ᠵᠡᠭᠦᠨ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠲᠤᠪᠴᠢᠶ᠎ᠠ ᠶᠢᠨ ᠠᠵᠢᠯ ᠮᠡᠷᠭᠡᠵᠢᠯ ᠤᠨ ᠬᠡᠯᠲᠡᠰ ᠤᠨ ᠡᠷᠬᠢᠯᠡᠭᠴᠢ ᠯᠢ ᠰᠢᠶᠤᠤ ᠸᠸᠢ ᠡᠴᠡ ᠲᠠᠨᠢᠯᠴᠠᠭᠤᠯᠤᠭᠰᠠᠨ ᠢᠶᠡᠷ᠄《 ᠪᠠᠶᠠᠨᠬᠤᠲᠠ ᠶᠢᠨ ᠬᠠᠳᠠᠨ ᠵᠢᠷᠤᠭ ᠤᠳ ᠨᠢ ᠦᠷᠦᠵᠤ ᠰᠠᠶᠢᠯᠤᠨ ᠪᠦᠲᠤᠭᠡᠵᠤ᠂ ᠢᠵᠢᠯ ᠲᠦᠪ ᠲᠠᠢ ᠲᠤᠭᠤᠷᠢᠭ᠂ ᠲᠠᠮᠳᠠᠭ᠌᠂ ᠮᠤᠷᠢᠲᠠᠨ᠂ ᠶᠠᠡᠭ᠍ᠬᠢᠷ᠂ᠠᠷᠭᠠᠯᠢ ᠤᠭᠠᠯᠵᠠ ᠂ ᠮᠤᠷᠢ᠂ ᠪᠠᠷᠰ᠂ ᠢᠷᠪᠢᠰ ᠵᠡᠷᠭᠡ ᠵᠢᠷᠤᠭ ᠳᠦᠷᠰᠤ ᠲᠡᠢ᠃ ᠬᠠᠳᠠᠨ ᠵᠢᠷᠤᠭ ᠢ ᠰᠡᠶᠢᠯᠦᠭᠰᠡᠨ ᠠᠷᠭ᠎ᠠ ᠪᠠᠷᠢᠯ᠂ ᠠᠭᠤᠯᠭ᠎ᠠ ᠡᠴᠡ ᠦᠵᠡᠪᠡᠯ᠂ ᠡᠳᠡᠭᠡᠷ ᠬᠠᠳᠠᠨ ᠵᠢᠷᠤᠭ ᠤᠳ ᠨᠢ ᠰᠢᠨ᠎ᠠ ᠴᠢᠯᠠᠭᠤᠨ ᠵᠡᠪᠰᠡᠭ ᠤᠨ ᠦᠶ᠎ᠠ ᠶᠢᠨ ᠰᠠᠭᠦᠯᠴᠢ ᠡᠴᠡ ᠴᠢᠩ ᠭᠦᠷᠦᠨ ᠤ ᠦᠶ᠎ᠠ ᠬᠦᠷᠲᠡᠯᠡᠬᠢ ᠡᠨᠡᠬᠦ ᠬᠤᠭᠤᠴᠠᠭᠠᠨ ᠳᠤ ᠰᠡᠶᠢᠯᠦᠭᠳᠡᠭᠰᠡᠨ ᠭᠡᠵᠤ ᠠᠩᠬ᠎ᠠ ᠠᠯᠬᠤᠮ ᠲᠤᠳᠤᠯᠠᠭᠠᠳ ᠪᠠᠶᠢᠨ᠎ᠠ᠃

    ᠪᠠᠶᠠᠨᠬᠤᠲᠠ ᠶᠢᠨ ᠬᠠᠳᠠᠨ ᠵᠢᠷᠤᠭ ᠨᠢ ᠤᠷᠢᠳᠤ ᠶᠢᠨ ᠬᠦᠮᠦᠰ ᠤᠨ ᠲᠡᠭᠷᠢ ᠶᠢᠨ ᠡᠷᠬᠡᠰ ᠢ ᠰᠢᠲᠦᠬᠦ᠂ ᠠᠮᠢᠲᠠᠨ ᠢ ᠰᠢᠲᠦᠬᠦ ᠵᠡᠷᠭᠡ ᠪᠠᠯᠠᠷ ᠡᠷᠲᠡᠨ ᠤ ᠱᠠᠰᠢᠨ ᠰᠤᠷᠲᠠᠬᠤᠨ ᠤ ᠶᠤᠰᠤᠯᠠᠯ ᠢ ᠬᠠᠷᠠᠭᠤᠯᠵᠤ᠂ ᠰᠢᠨ᠎ᠠ ᠴᠢᠯᠠᠭᠤᠨ ᠵᠡᠪᠰᠡᠭ ᠤᠨ ᠴᠠᠭ ᠦᠶ᠎ᠠ ᠶᠢᠨ ᠬᠠᠳᠠᠨ ᠵᠢᠷᠤᠭ ᠢ ᠰᠡᠶᠢᠯᠬᠦ ᠪᠤᠯᠤᠨ ᠤᠮᠠᠷᠠᠲᠤ ᠶᠢᠨ ᠴᠦᠬᠡᠨ ᠲᠤᠭᠠᠲᠤ ᠦᠨᠳᠦᠰᠦᠲᠡᠨ ᠤ ᠪᠦᠰᠡ ᠨᠤᠲᠤᠭ ᠤᠨ ᠬᠠᠳᠠᠨ ᠵᠢᠷᠤᠭ ᠤᠨ ᠨᠡᠶᠢᠲᠡᠯᠢᠭ᠌ ᠤᠨᠴᠠᠯᠢᠭ ᠲᠠᠢ᠂ ᠳᠤᠮᠳᠠᠳᠤ ᠶᠢᠨ ᠡᠷᠲᠡᠨ ᠤ ᠤᠮᠠᠷᠠᠲᠤ ᠶᠢᠨ ᠴᠦᠬᠡᠨ ᠲᠤᠭᠠᠲᠤ ᠦᠨᠳᠦᠰᠦᠲᠠᠨ ᠤ ᠠᠮᠢᠳᠤᠷᠠᠯ ᠤᠨ ᠵᠠᠩ ᠳᠠᠳᠬᠠᠯ᠂ ᠨᠡᠶᠢᠭᠡᠮ ᠤᠨ ᠪᠠᠶᠢᠳᠠᠯ ᠢ ᠰᠤᠳᠤᠯᠬᠤ ᠳᠤ ᠲᠤᠡᠭ ᠴᠢᠬᠤᠯᠠ ᠦᠷᠲᠡᠭ ᠲᠠᠢ᠃ ( ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠤᠨᠰᠤᠯᠢ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120675392