蒙古文网站Logo
ᠰᠢᠨᠬᠤᠸᠠ ᠮᠤᠩᠭ᠋ᠤᠯ ᠨᠧᠲ

ᠰᠢᠩᠬᠤᠨ ᠪᠠᠷ ᠤᠨ《 ᠭᠠᠨᠵᠤᠤᠷ》 ᠢ ᠠᠷᠢᠭᠤᠳᠬᠠᠨ ᠰᠢᠭᠦᠵᠦ ᠪᠠᠷᠯᠠᠬᠤ ᠠᠵᠢᠯ ᠡᠬᠢᠯᠡᠭᠰᠡᠨ ᠦ 300 ᠵᠢᠯ ᠦᠨ ᠣᠢ ᠶ᠋ᠢ ᠳᠤᠷᠠᠰᠬᠠᠬᠤ ᠡᠷᠳᠡᠮ ᠰᠢᠨᠵᠢᠯᠡᠭᠡᠨ ᠦ ᠪᠠᠭ᠎ᠠ ᠬᠤᠷᠠᠯ ᠪᠡᠭᠡᠵᠢᠩ ᠳ᠋ᠤ ᠪᠣᠯᠪᠠ

2017-03-30 11:16

    3 ᠰᠠᠷ᠎ᠠ ᠶ᠋ᠢᠨ 25 ᠦ ᠡᠳᠦᠷ ᠦᠨ ᠦᠳᠡ ᠶ᠋ᠢᠨ ᠬᠣᠶᠢᠨ᠎ᠠ᠂ 《 ᠮᠣᠩᠭᠣᠯ ᠡᠷᠲᠡᠨ ᠦ ᠤᠳᠬ᠎ᠠ ᠵᠣᠬᠢᠶᠠᠯ ᠰᠣᠷᠪᠤᠯᠵᠢ ᠰᠣᠳᠣᠯᠣᠯ ᠤᠨ ᠦᠩᠭᠡᠷᠡᠭᠰᠡᠨ ᠪᠠ ᠡᠳᠦᠭᠡ》ᠬᠡᠮᠡᠬᠦ ᠰᠡᠳᠦᠪᠲᠦ ᠬᠤᠷᠠᠯ ᠤᠨ ᠬᠣᠶᠠᠳᠤᠭᠠᠷ ᠠᠭᠤᠯᠭ᠎ᠠ ᠪᠣᠯᠬᠤ ᠰᠢᠩᠬᠤᠨ ᠪᠠᠷ ᠤᠨ 《 ᠭᠠᠨᠵᠤᠤᠷ》 ᠢ ᠠᠷᠢᠭᠤᠳᠬᠠᠨ ᠰᠢᠭᠦᠵᠦ ᠪᠠᠷᠯᠠᠬᠤ ᠠᠵᠢᠯ ᠡᠬᠢᠯᠡᠭᠰᠡᠨ ᠦ 300 ᠵᠢᠯ ᠦᠨ ᠣᠢ ᠶ᠋ᠢ ᠳᠤᠷᠠᠰᠬᠠᠬᠤ ᠡᠷᠳᠡᠮ ᠰᠢᠨᠵᠢᠯᠡᠭᠡᠨ ᠦ ᠪᠠᠭ᠎ᠠ ᠬᠤᠷᠠᠯ ᠪᠡᠭᠡᠵᠢᠩ ᠦᠨ ᠲᠥ᠋ᠪ ᠦᠨ ᠦᠨᠳᠦᠰᠦᠲᠡᠨ ᠦ ᠶᠡᠬᠡ ᠰᠤᠷᠭᠠᠭᠤᠯᠢ ᠳ᠋ᠥ ᠶᠠᠪᠤᠭᠳᠠᠪᠠ᠃

    ᠲᠤᠰ ᠤᠳᠠᠭᠠᠨ ᠤ ᠬᠤᠷᠠᠯ ᠢ ᠲᠥᠪ ᠦᠨ ᠦᠨᠳᠦᠰᠦᠲᠡᠨ ᠦ ᠶᠡᠬᠡ ᠰᠤᠷᠭᠠᠭᠤᠯᠢ ᠶ᠋ᠢᠨ ᠮᠣᠩᠭᠣᠯ ᠬᠡᠯᠡ ᠤᠳᠬ᠎ᠠ ᠵᠣᠬᠢᠶᠠᠯ ᠤᠨ ᠰᠠᠯᠪᠤᠷᠢ ᠡᠴᠠ ᠭᠣᠣᠯᠯᠠᠨ ᠡᠷᠬᠢᠯᠡᠵᠡᠢ᠂ ᠬᠤᠷᠠᠯ ᠳ᠋ᠤ ᠭᠣᠣᠯᠯᠠᠨ ᠣᠷᠣᠯᠴᠠᠭᠰᠠᠳ ᠢ ᠢᠯᠡᠳᠬᠡᠭ᠍ᠴᠢ᠂ ᠰᠢᠭᠦᠮᠵᠢᠯᠡᠭᠴᠢ ᠬᠡᠮᠡᠨ ᠬᠣᠶᠠᠷ ᠪᠠᠭ ᠲᠤ ᠬᠤᠪᠢᠶᠠᠨ᠂ ᠲᠥᠪ ᠦᠨ ᠦᠨᠳᠦᠰᠦᠲᠡᠨ ᠦ ᠶᠡᠬᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ ᠵᠡᠷᠭᠡ ᠰᠤᠷᠭᠠᠭᠤᠯᠢ ᠶ᠋ᠢᠨ ᠵᠠᠯᠠᠭᠤ ᠪᠠᠭᠰᠢ ᠂ ᠳ᠋ᠣᠺᠲ᠋ᠣᠷ᠂ ᠫᠣᠰᠲ ᠳ᠋ᠣᠺᠲ᠋ᠣᠷ᠂ ᠳ᠋ᠣᠺᠲ᠋ᠣᠷᠠᠨᠲ ᠵᠡᠷᠭᠡ ᠵᠠᠯᠠᠭᠤ ᠨᠢᠭᠡᠨ ᠦᠶ᠎ᠡ ᠶ᠋ᠢᠨ ᠰᠣᠳᠣᠯᠭᠠᠲᠠᠳ ᠡᠴᠠ ᠡᠷᠳᠡᠮ ᠰᠢᠨᠵᠢᠯᠡᠭᠡᠨ ᠦ ᠥᠭᠦᠯᠡᠯ ᠢᠯᠡᠳᠭᠡᠯ ᠢᠶᠡᠨ ᠨᠡᠶᠢᠲᠡᠯᠡᠨ ᠤᠩᠰᠢᠵᠤ᠂ ᠲᠥᠪ ᠦᠨ ᠦᠨᠳᠦᠰᠦᠲᠡᠨ ᠦ ᠶᠡᠬᠡ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠂ ᠳᠤᠮᠳᠠᠳᠤ ᠤᠯᠤᠰ ᠤᠨ ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠡᠷᠳᠡᠮ ᠰᠢᠨᠵᠢᠯᠡᠭᠡᠨ ᠦ ᠨᠢᠭᠡᠴᠡ ᠡᠴᠡ ᠬᠦᠷᠦᠯᠴᠡᠨ ᠢᠷᠡᠭᠰᠡᠨ ᠠᠬᠠᠮᠠᠳ ᠡᠷᠳᠡᠮᠲᠡᠨ ᠪᠠᠭᠰᠢ ᠨᠠᠷ ᠢᠯᠡᠳᠭᠡᠭ᠍ᠴᠢᠳ ᠤᠨ ᠢᠯᠡᠳᠬᠡᠯ ᠢ ᠦᠨᠡᠯᠡᠨ ᠰᠢᠭᠦᠮᠵᠢᠯᠡᠵᠦ᠂ ᠤᠯᠠᠮ ᠴᠢᠨᠠᠬᠰᠢᠳᠠ ᠢᠢᠨ ᠰᠣᠳᠣᠯᠭᠠᠨ ᠬᠢᠬᠦ ᠳ᠋ᠤ ᠨᠢ ᠰᠠᠨᠠᠯ ᠰᠠᠨᠠᠭᠤᠯᠤᠮᠵᠢ ᠲᠡᠪᠰᠢᠬᠦᠯᠦᠯ᠎ᠡ᠃ ᠡᠭᠦᠨ ᠡᠴᠡ ᠭᠠᠳᠠᠨ᠎ᠠ᠂ ᠮᠣᠩᠭᠣᠯ᠂ ᠶᠠᠫᠤᠨ ᠬᠣᠶᠠᠷ ᠤᠯᠤᠰ ᠡᠴᠠ ᠬᠦ᠋ᠴᠦᠯᠴᠡᠨ ᠢᠷᠡᠭᠰᠡᠨ ᠪᠠᠭᠰᠢ ᠡᠷᠳᠡᠮᠲᠡᠨ ᠵᠢᠴᠢ ᠲᠥᠪ ᠦᠨ ᠦᠨᠳᠦᠰᠦᠲᠡᠨ ᠤ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ ᠶ᠋ᠢᠨ ᠳ᠋ᠣᠺᠲ᠋ᠣᠷᠠᠨᠲ᠂ ᠠᠰᠫᠢᠷᠠᠨᠲ᠂ ᠣᠶᠤᠲᠠᠳ ᠢ ᠪᠠᠭᠲᠠᠭᠠᠭᠰᠠᠨ 50 ᠭᠠᠷᠤᠢ ᠬᠦᠮᠦᠨ ᠬᠤᠷᠠᠯ ᠳ᠋ᠤ ᠣᠷᠣᠯᠴᠠᠭᠰᠠᠨ ᠪᠠᠶᠢᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120724097