蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ 70 ᠵᠢᠯ ᠤᠨ ᠣᠢ ᠳᠤ ᠵᠤᠷᠢᠭᠤᠯᠤᠭᠰᠠᠨ《ᠥᠪᠥᠷ ᠮᠤᠩᠭ᠋ᠤᠯ ᠦᠨ ᠥᠪ ᠰᠣᠶᠤᠯ》ᠴᠣᠪᠣᠷᠠᠯ ᠮᠡᠳᠡᠭᠡᠯᠡᠯ ᠢ ᠨᠡᠪᠲᠡᠷᠡᠭᠦᠯᠬᠦ ᠪᠡᠷ ᠪᠤᠢ

2017-03-30 18:45

    ᠰᠢᠨᠬᠤᠸᠠ ᠮᠤᠩᠭ᠋ᠤᠯ ᠨᠧᠲ  ᠬᠦᠬᠡᠬᠤᠳᠠ ᠶᠢᠨ 3 ᠰᠠᠷ᠎ᠠ ᠶᠢᠨ 30 ᠤ ᠡᠳᠤᠷ ᠤᠨ ᠴᠠᠬᠢᠯᠭᠠᠨ ᠮᠡᠳᠡᠬᠡ ( ᠪᠠᠢ ᠯᠢᠩ ᠳ᠋ᠢ ᠰᠤᠷᠤᠶ᠎ᠠ ) ᠥᠪᠦᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠣᠭᠳᠠᠭᠰᠠ ᠳᠠᠯᠠᠨ ᠵᠢᠯ ᠤᠨ ᠣᠢ ᠳᠤ ᠵᠤᠷᠢᠭᠤᠯᠵᠤ ᠪᠡᠯᠡᠳᠬᠡᠭ᠍ᠰᠡᠨ《 ᠥᠪᠥᠷ ᠮᠤᠩᠭ᠋ᠤᠯ  ᠦᠨ ᠥᠪ ᠰᠣᠶᠤᠯ》ᠴᠣᠪᠣᠷᠠᠯ ᠨᠡᠪᠲᠡᠷᠡᠭᠦᠯᠭᠡ ᠶᠢᠨ ᠶᠠᠷᠢᠯᠴᠠᠬᠤ ᠬᠤᠷᠠᠯ ᠬᠥᠬᠡᠬᠣᠲᠠ ᠳᠤ ᠵᠣᠬᠢᠶᠠᠨ ᠪᠠᠶᠢᠭᠤᠯᠤᠭᠳᠠᠪᠠ᠃

    ᠦᠪᠤᠷ ᠮᠤᠩᠭ᠋ᠤᠯ ᠤᠨ ᠷᠠᠳᠢᠣ᠋ ᠲᠸᠯᠸᠢᠰ ᠬᠤᠷᠢᠶ᠎ᠠ ᠡᠴᠡ ᠰᠠᠨᠠᠭᠠᠴᠢᠯᠠᠨ ᠬᠢᠵᠤ ᠪᠠᠶᠢᠭ᠎ᠠ 《 ᠦᠪᠦᠷ ᠮᠤᠩᠭ᠋ᠤᠯ ᠤᠨ ᠦᠪ ᠰᠤᠶᠤᠯ》 ᠴᠤᠪᠤᠷᠠᠯ ᠮᠡᠳᠡᠬᠡᠯᠡᠯ ᠨᠢ ᠤᠰᠠᠳᠬᠤ ᠠᠶᠤᠯ ᠲᠠᠢ ᠪᠤᠯᠵᠤ ᠪᠠᠶᠢᠭ᠎ᠠ ᠪᠡᠶᠡᠳᠤ ᠪᠤᠰᠤ ᠰᠤᠶᠤᠯ ᠤᠨ ᠦᠪ ᠢ ᠬᠠᠮᠠᠭᠠᠯᠠᠬᠤ᠂ ᠮᠦᠨ ᠦᠪᠯᠡᠨ ᠤᠯᠠᠮᠵᠢᠯᠠᠬᠤ ᠠᠵᠢᠯ ᠢ ᠰᠠᠶᠢᠳᠤᠷ ᠬᠢᠬᠦ ᠵᠤᠷᠢᠯᠭ᠎ᠠ ᠲᠠᠢ ᠡᠬᠢᠯᠡᠭᠰᠡᠨ ᠪᠦᠭᠡᠳ ᠦᠪᠦᠷ ᠮᠤᠩᠭ᠋ᠤᠯ ᠤᠨ ᠪᠡᠶᠡᠳᠤ ᠪᠤᠰᠤ ᠰᠤᠶᠤᠯ ᠤᠨ ᠦᠪ ᠤᠨ ᠰᠤᠩᠭ᠋ᠤᠳᠠᠭ ᠵᠦᠢᠯ ᠢ ᠢᠯᠡᠷᠡᠬᠦᠯᠬᠦ ᠶᠢᠨ ᠲᠠᠭᠠᠤ ᠪᠡᠶᠡᠳᠤ ᠪᠤᠰᠤ ᠰᠤᠶᠤᠯ ᠤᠨ ᠦᠪ ᠤᠨ ᠳ᠋ᠡᠶᠢᠲ᠋ᠠ ᠬᠦᠮᠦᠷᠬᠡ ᠪᠠᠶᠢᠭᠤᠯᠬᠤ ᠶᠢ ᠲᠡᠮᠵᠢᠵᠤ᠂ ᠲᠠᠯ᠎ᠠ ᠨᠤᠳᠤᠭ ᠤᠨ ᠰᠤᠶᠤᠯ ᠢ ᠪᠠᠳᠠᠷᠠᠭᠤᠯᠤᠨ᠂ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ᠌ ᠪᠤᠯᠭᠠᠨ ᠪᠠᠷᠢᠬᠤ ᠪᠤᠯᠤᠨ᠎ᠠ᠃

    ᠲᠤᠰ ᠴᠤᠪᠤᠷᠠᠯ ᠨᠡᠪᠳᠡᠷᠡᠬᠦᠯᠬᠡ ᠪᠡᠷ ᠤᠷᠤᠨ ᠤ ᠵᠡᠷᠬᠡᠯᠡᠯ ᠪᠤᠯᠤᠨ ᠳᠡᠬᠦᠨ ᠡᠴᠡ ᠲᠡᠭᠡᠭ᠍ᠰᠢᠬᠢ ᠵᠡᠷᠬᠡᠯᠡᠯ ᠤᠨ ᠪᠡᠶᠡᠳᠤ ᠪᠤᠰᠤ ᠰᠤᠶᠤᠯ ᠤᠨ ᠦᠪ ᠤᠨ 70 ᠦᠪᠯᠡᠭᠴᠢ ᠲᠠᠢ ᠬᠢᠭ᠍ᠰᠡᠨ ᠲᠤᠰᠬᠠᠢ ᠶᠠᠷᠢᠯᠴᠠᠯᠭ᠎ᠠ ᠶᠢᠨ ᠪᠢᠴᠢᠯ ᠪᠢᠴᠢᠯᠬᠡ ᠶᠢ ᠨᠡᠪᠲᠡᠷᠡᠬᠦᠯᠦᠨ᠎ᠠ᠂ 4 ᠰᠠᠷ᠎ᠠ ᠶᠢᠨ 5 ᠤ ᠡᠳᠤᠷ ᠡᠴᠡ ᠡᠬᠢᠯᠡᠨ ᠦᠪᠦᠷ ᠮᠤᠩᠭ᠋ᠤᠯ ᠤᠨ ᠷᠠᠳᠢᠣ᠋ ᠲᠧᠯᠸᠶ᠋ᠰ ᠬᠤᠷᠢᠶ᠎ᠠ ᠶᠢᠨ ᠮᠤᠩᠭ᠋ᠤᠯ ᠤᠳᠤᠨ ᠲᠸᠯᠸᠶ᠋ᠰ᠂ ᠰᠤᠶᠤᠯ ᠰᠢᠨᠵᠢᠯᠡᠬᠡ ᠰᠤᠪᠠᠭ ᠢᠶᠡᠷ ᠦᠵᠡᠭᠴᠢᠳ ᠲᠠᠢ ᠵᠤᠯᠭᠠᠭᠤᠯᠤᠨ᠎ᠠ ᠬᠡᠵᠤ ᠠᠩᠬ᠎ᠠ ᠠᠯᠬᠤᠮ ᠳᠤᠭᠳᠠᠭᠠᠳ ᠪᠤᠢ᠃

    ᠤᠶᠢᠯᠠᠭᠠᠭᠰᠠᠨ ᠢᠶᠡᠷ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠪᠡᠶᠡᠳᠤ ᠪᠤᠰᠤ ᠰᠤᠶᠤᠯ ᠤᠨ ᠦᠪ ᠤᠳ ᠡᠴᠡ ᠤᠯᠤᠰ ᠤᠨ ᠵᠡᠷᠬᠡᠯᠡᠯ ᠳᠤ 81 ᠲᠦᠷᠦᠯ᠂ ᠤᠷᠤᠨ ᠤ ᠵᠡᠷᠬᠡᠯᠡᠯ  ᠳᠤ 399 ᠳᠦᠷᠦᠯ ᠪᠦᠷᠢᠳᠬᠡᠭ᠍ᠳᠡᠵᠤ᠂ ᠨᠢᠬᠡᠳᠤᠭ᠍ᠰᠡᠨ ᠦᠨᠳᠦᠰᠦᠨ ᠤ ᠪᠠᠶᠢᠭᠤᠯᠤᠯᠭ᠎ᠠ ᠶᠢᠨ ᠰᠤᠶᠤᠯ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠵᠤᠬᠢᠶᠠᠨ ᠪᠠᠶᠢᠭᠤᠯᠤᠯᠳᠠ ᠶᠢᠨ ᠬᠦᠮᠦᠨ ᠳᠦᠷᠦᠯᠬᠢᠳᠡᠨ ᠤ ᠪᠡᠶᠡᠳᠦ ᠪᠤᠰᠤ ᠰᠤᠶᠤᠯ ᠤᠨ ᠦᠪ ᠤᠨ ᠳᠦᠯᠦᠬᠡᠯᠡᠬᠦ ᠨᠡᠷᠡᠰ ᠤᠨ ᠪᠦᠷᠢᠳᠬᠡᠯ ᠳᠤ 2 ᠲᠦᠷᠦᠯ ᠪᠠᠭᠳᠠᠵᠠᠢ᠃ ᠦᠪᠯᠡᠭᠴᠢ ᠶᠢᠨ ᠬᠤᠪᠢ ᠳᠤ᠂ ᠤᠳᠤ ᠪᠡᠷ ᠤᠯᠤᠰ ᠤᠨ ᠵᠡᠷᠬᠡᠯᠡᠯ ᠤᠨ 42 ᠦᠪᠯᠡᠭᠴᠢ᠂ ᠤᠷᠤᠨ ᠤ ᠵᠡᠷᠬᠡᠯᠡᠯ ᠤᠨ 564 ᠦᠪᠯᠡᠭᠴᠢ ᠲᠠᠢ᠃

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691120727413