蒙古文网站Logo
ᠰᠢᠨᠬᠤᠸᠠ ᠮᠤᠩᠭ᠋ᠤᠯ ᠨᠧᠲ

《ᠪᠡᠴᠢᠨ ᠪᠠᠭᠰᠢ ᠶᠢᠨ ᠶᠠᠷᠢᠭᠰᠠᠨ〈 ᠪᠠᠷᠠᠭᠤᠨᠰᠢ ᠵᠤᠷᠴᠢᠭᠰᠠᠨ ᠦᠯᠢᠭᠡᠷ〉》 ᠤᠨ ᠮᠣᠩᠭᠣᠯ ᠬᠡᠪᠯᠡᠯ ᠢ ᠠᠩᠬ ᠠ ᠲᠠᠷᠬᠠᠭᠠᠪᠠ

2017-04-07 11:11

    4 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠦᠪᠦᠷ ᠮᠣᠩᠭᠣᠯ ᠤᠨ ᠡᠳᠦᠷ ᠤᠨ ᠰᠤᠨᠢᠨ ᠤ ᠬᠤᠷᠢᠶ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠢᠨᠲ᠋ᠸᠷ ᠨᠧᠲ ᠤᠨ ᠮᠡᠳᠡᠭᠡ ᠵᠠᠩᠭᠢ ᠶᠢᠨ ᠠᠯᠪᠠᠨ ᠭᠡᠷ᠂ ᠦᠪᠦᠷ ᠮᠣᠩᠭᠣᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠡᠴᠡ ᠵᠤᠬᠢᠶᠠᠨ ᠪᠠᠶᠢᠭᠤᠯᠤᠭᠰᠠᠨ《 ᠪᠡᠴᠢᠨ ᠪᠠᠭᠰᠢ ᠶᠢᠨ ᠶᠠᠷᠢᠭᠰᠠᠨ〈 ᠪᠠᠷᠠᠭᠤᠨᠰᠢ ᠵᠤᠷᠴᠢᠭᠰᠠᠨ ᠦᠯᠢᠭᠡᠷ〉》 ᠤᠨ ᠮᠣᠩᠭᠣᠯ ᠬᠡᠪᠯᠡᠯ ᠤᠨ ᠠᠩᠬᠠᠨ ᠤ ᠲᠠᠷᠬᠠᠭᠠᠯᠲᠠ ᠶᠢᠨ ᠶᠤᠰᠤᠯᠠᠯ ᠬᠦᠬᠡᠬᠤᠲᠠ ᠳᠤ ᠶᠠᠪᠤᠭᠳᠠᠪᠠ᠃ 《ᠪᠠᠷᠠᠭᠤᠨᠰᠢ ᠵᠤᠷᠴᠢᠭᠰᠠᠨ ᠦᠯᠢᠭᠡᠷ》 ᠤᠨ ᠬᠤᠷᠤᠬᠠᠶᠢᠲᠠᠳ ᠦᠪᠦᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠬᠤᠩ ᠳ᠋ᠸ ᠲᠡᠭᠡᠲᠤ ᠰᠤᠷᠭᠠᠭᠤᠯᠢ ᠳᠤ ᠶᠠᠪᠤᠭᠳᠠᠭᠰᠠᠨ《 ᠪᠡᠴᠢᠨ ᠪᠠᠭᠰᠢ ᠶᠢᠨ ᠶᠠᠷᠢᠭᠰᠠᠨ〈 ᠪᠠᠷᠠᠭᠤᠨᠰᠢ ᠵᠤᠷᠴᠢᠭᠰᠠᠨ ᠦᠯᠢᠭᠡᠷ〉》 ᠤ᠋ᠨ ᠮᠣᠩᠭᠣᠯ ᠬᠡᠪᠯᠡᠯ ᠤᠨ ᠠᠩᠬᠠᠨ ᠤ ᠲᠠᠷᠬᠠᠭᠠᠯᠲᠠ ᠶᠢᠨ ᠶᠤᠰᠤᠯᠠᠯ ᠳᠤ ᠤᠷᠤᠯᠴᠠᠪᠠ᠃ ᠦᠪᠦᠷ ᠮᠣᠩᠭᠣᠯ ᠤᠨ ᠡᠳᠦᠷ ᠤᠨ ᠰᠤᠨᠢᠨ ᠤ ᠬᠤᠷᠢᠶ᠎ᠠ ᠶᠢᠨ ᠳᠡᠳ᠋ ᠶᠡᠷᠦᠩᠬᠡᠢ ᠨᠠᠶᠢᠷᠠᠭᠤᠯᠤᠭᠴᠢ ᠤᠷᠲᠤᠨᠠᠰᠤᠲᠤ ᠪᠤᠯᠤᠨ ᠵᠠᠩ ᠵᠢᠨ ᠯᠠᠢ 《 ᠪᠡᠴᠢᠨ ᠪᠠᠭᠰᠢ ᠶᠢᠨ ᠶᠠᠷᠢᠭᠰᠠᠨ〈 ᠪᠠᠷᠠᠭᠤᠨᠰᠢ ᠵᠤᠷᠢᠭᠰᠠᠨ ᠦᠯᠢᠭᠡᠷ〉》 ᠤᠨ ᠮᠣᠩᠭᠣᠯ ᠬᠡᠪᠯᠡᠯ ᠤᠨ ᠲᠠᠷᠬᠠᠭᠠᠯᠲᠠ ᠶᠢᠨ ᠶᠤᠰᠤᠯᠠᠯ ᠤᠨ ᠬᠦᠰᠢᠭᠡ ᠶᠢ ᠢᠷᠠᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120767681