蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠰᠤᠶᠤᠯ  ᠤᠨ ᠲᠤᠭᠳᠠᠯᠴᠠᠭ᠎ᠠ ᠶᠢᠨ ᠦᠭᠡᠷᠡᠴᠢᠯᠡᠯᠲᠡ ᠶᠢ  9 ᠰᠠᠷ᠎ᠠ ᠡᠴᠡ ᠡᠮᠦᠨ᠎ᠡ ᠪᠦᠬᠦ ᠲᠠᠯ᠎ᠠ ᠪᠡᠷ ᠪᠡᠶᠡᠯᠡᠭᠦᠯᠤᠨ᠎ᠠ ᠬᠡᠵᠤ ᠲᠤᠳᠤᠷᠬᠠᠶᠢᠯᠠᠪᠠ

2017-04-07 17:41

    ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠤᠨ 4 ᠰᠠᠷ᠎ᠠ ᠶᠢᠨ 5 ᠤ ᠡᠳᠦᠷ ᠤᠨ ᠮᠡᠳᠡᠬᠡ ᠡᠴᠡ ᠤᠶᠢᠯᠠᠭᠠᠭᠰᠠᠨ ᠢᠶᠡᠷ᠂ ᠦᠪᠦᠷ ᠮᠤᠩᠭ᠋ᠤᠯ ᠤᠷᠤᠨ ᠲᠠᠶᠠᠭᠠᠷ ᠤᠨ ᠬᠡᠪᠴᠢᠶᠡᠨ ᠳᠤ ᠰᠤᠶᠤᠯ ᠤᠨ ᠰᠢᠰᠲ᠋ᠸᠮ ᠢ ᠬᠦᠴᠦᠨ ᠪᠦᠬᠦᠢ ᠪᠠᠲᠤᠯᠠᠭ᠎ᠠ ᠲᠠᠢ ᠪᠠᠶᠢᠭᠤᠯᠤᠮᠵᠢ ᠪᠠᠶᠢᠭᠤᠯᠬᠤ ᠶᠢ ᠱᠠᠭᠠᠷᠳᠠᠨ᠂ ᠰᠤᠶᠤᠯ ᠤᠨ ᠲᠤᠭᠳᠠᠯᠴᠠᠭ᠎ᠠ ᠶᠢᠨ ᠡᠯ᠎ᠡ ᠲᠠᠯ᠎ᠠ ᠶᠢᠨ ᠦᠭᠡᠷᠡᠴᠢᠯᠡᠯᠲᠡ ᠶᠢᠨ ᠡᠭᠦᠷᠭᠡ ᠶᠢᠨ ᠦᠨᠡᠨ ᠪᠤᠲᠠᠲᠠᠢ ᠨᠠᠶᠢᠲᠠᠪᠤᠷᠢᠵᠢᠭᠤᠯᠬᠤ ᠶᠢ ᠪᠠᠲᠤᠯᠠᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠡᠴᠡ ᠨᠠᠭᠠᠰᠢᠬᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠡᠴᠡ ᠲᠤᠭᠲᠠᠭᠠᠭᠰᠠᠨ ᠰᠤᠶᠤᠯ ᠤᠨ ᠲᠤᠭᠳᠠᠯᠴᠠᠭ᠎ᠠ ᠶᠢᠨ ᠦᠭᠡᠷᠡᠴᠢᠯᠡᠯᠲᠡ ᠶᠢᠨ ᠡᠬᠦᠷᠬᠡ ᠶᠢ ᠦᠨᠦ ᠵᠢᠯ ᠤᠨ 9 ᠰᠠᠷ᠎ᠠ ᠡᠴᠡ ᠡᠮᠦᠨ᠎ᠡ ᠪᠦᠬᠦ ᠲᠠᠯ᠎ᠠ ᠪᠡᠷ ᠪᠡᠶᠡᠯᠡᠭᠦᠯᠬᠦ ᠶᠢ ᠪᠠᠲᠤᠯᠠᠨ᠎ᠠ᠃

    ᠰᠤᠶᠤᠯ ᠤᠨ ᠲᠤᠭᠳᠠᠯᠴᠠᠭ᠎ᠠ ᠶᠢᠨ ᠦᠭᠡᠷᠡᠴᠢᠯᠡᠯᠲᠡ ᠶᠢᠨ ᠠᠵᠢᠯ ᠤᠨ ᠶᠡᠷᠦᠩᠬᠡᠢ ᠪᠠᠶᠢᠷᠢᠰᠢᠭᠤᠯᠤᠯᠲᠠ ᠶᠢ ᠦᠨᠳᠦᠰᠦᠯᠡᠪᠡᠯ᠂ 2017 ᠤᠨ ᠳᠤ ᠤᠷᠤᠨ ᠳᠠᠶᠠᠭᠠᠷ ᠤᠨ ᠰᠤᠶᠤᠯ ᠤᠨ ᠰᠢᠰᠲ᠋ᠸᠮ ᠨᠢ ᠨᠡᠶᠢᠲᠡ ᠶᠢᠨ ᠨᠤᠮ ᠤᠨ ᠰᠠᠩ ᠰᠤᠶᠤᠯ ᠤᠨ ᠤᠷᠳᠤᠨ ᠤ ᠶᠡᠷᠦᠩᠬᠡᠢ ᠪᠤᠯᠤᠨ ᠰᠠᠯᠪᠤᠷᠢ ᠰᠠᠩ ᠤᠨ ᠳᠦᠷᠢᠮ ᠤᠨ ᠦᠬᠡᠷᠡᠴᠢᠯᠡᠯᠳᠡ᠂ ᠨᠡᠶᠢᠲᠡ ᠶᠢᠨ ᠰᠤᠶᠤᠯ ᠤᠨ ᠪᠠᠶᠢᠭᠤᠯᠤᠮᠵᠢ ᠶᠢᠨ ᠬᠠᠤᠯᠢ ᠶᠢᠨ ᠡᠷᠭᠡᠲᠡᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠪᠤᠯᠤᠨ ᠰᠢᠭᠤᠳ ᠬᠠᠷᠢᠶ᠎ᠠ ᠤᠯᠤᠰ ᠤᠨ ᠦᠮᠴᠢᠯᠡᠯᠳᠤ ᠰᠤᠶᠤᠯ ᠤᠷᠠᠯᠢᠭ ᠤᠨ ᠪᠦᠯᠬᠦᠮ ᠤᠨ ᠦᠬᠡᠷᠡᠴᠢᠯᠡᠯᠳᠡ ᠵᠡᠷᠬᠡ 3 ᠲᠠᠯ᠎ᠠ ᠶᠢᠨ ᠪᠤᠲᠠᠲᠠᠢ ᠡᠭᠦᠷᠭᠡ ᠶᠢ ᠲᠠᠭᠠᠭᠠᠴᠢᠯᠠᠵᠤ ᠪᠤᠢ᠃

    ᠦᠨᠦ ᠵᠢᠯ ᠨᠢ 《ᠦᠭᠡᠷᠡᠴᠢᠯᠡᠯᠲᠡ ᠶᠢᠨ ᠦᠷ᠎ᠡ ᠪᠦᠲᠦᠮᠵᠢ ᠭᠠᠷᠭᠠᠬᠤ ᠵᠢᠯ》 ᠪᠤᠯᠤᠭᠰᠠᠨ ᠤ ᠬᠤᠪᠢ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ《ᠰᠠᠷ᠎ᠠ ᠢᠶᠡᠷ ᠲᠤᠬᠢᠷᠠᠭᠤᠯᠬᠤ᠂ ᠤᠯᠠᠷᠢᠯ ᠢᠶᠡᠷ ᠬᠤᠷᠢᠶᠠᠩᠭ᠋ᠤᠶᠢᠯᠠᠬᠤ》 ᠱᠠᠭᠠᠷᠳᠠᠯᠭ᠎ᠠ ᠶᠢᠨ ᠲᠠᠭᠠᠤ ᠠᠰᠠᠭᠤᠳᠠᠯ ᠤᠨ ᠴᠢᠭᠯᠡᠯ ᠢ ᠴᠢᠩᠭ᠋ᠠᠳᠭᠠᠨ᠂ ᠦᠢᠯᠡᠳᠦᠯᠭᠡ ᠶᠢᠨ ᠤᠨᠴᠠᠯᠢᠭ ᠢ ᠳᠤᠪᠤᠶᠢᠯᠭᠠᠨ᠂ ᠦᠭᠡᠷᠡᠴᠢᠯᠡᠯᠲᠡ ᠶᠢᠨ ᠡᠭᠦᠷᠭᠡ ᠶᠢᠨ ᠬᠢᠨᠠᠨ ᠰᠢᠯᠭᠠᠯᠳᠠ ᠶᠢ ᠨᠠᠶᠢᠲᠠᠪᠤᠷᠢᠵᠢᠭᠤᠯᠬᠤ  ᠶᠢ ᠴᠢᠩᠭ᠋ᠠᠳᠬᠠᠨ᠎ᠠ᠃

    ᠡᠭᠦᠨ ᠤ ᠬᠠᠮᠲᠤ᠂ ᠭᠤᠷᠪᠠᠳᠤᠭᠠᠷ ᠡᠲᠡᠭᠡᠳ ᠲᠤ ᠨᠠᠶᠢᠳᠠᠵᠤ ᠲᠦᠪ ᠪᠠ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠡᠴᠡ ᠲᠤᠭᠲᠠᠭᠠᠭᠰᠠᠨ ᠰᠤᠶᠤᠯ ᠤᠨ ᠲᠤᠭᠳᠠᠯᠴᠠᠭ᠎ᠠ  ᠶᠢᠨ ᠦᠭᠡᠷᠴᠢᠯᠡᠯᠲᠡ ᠶᠢᠨ ᠲᠦᠰᠦᠯ᠂ ᠦᠬᠡᠷᠡᠴᠢᠯᠡᠯᠳᠡ ᠶᠢᠨ ᠡᠬᠦᠷᠬᠡ ᠶᠢᠨ ᠲᠤᠤᠱᠯᠠᠭᠤᠯᠤᠭᠰᠠᠨ ᠪᠠᠶᠢᠳᠠᠯ᠂ ᠠᠮᠵᠢᠯᠲᠠ ᠤᠯᠤᠭᠰᠠᠨ ᠪᠠᠶᠢᠳᠠᠯ ᠳᠤ ᠪᠦᠬᠦ ᠲᠠᠯ᠎ᠠ ᠶᠢᠨ ᠦᠨᠡᠯᠡᠯᠲᠡ ᠬᠢᠯᠭᠡᠨ᠎ᠡ᠃ 6 ᠰᠠᠷ᠎ᠠ ᠶᠢᠨ ᠰᠡᠬᠦᠯᠴᠢ ᠡᠴᠡ ᠡᠮᠦᠨ᠎ᠡ ᠨᠡᠶᠢᠲᠡ ᠶᠢᠨ ᠰᠤᠶᠤᠯ ᠪᠤᠯᠪᠠᠰᠤᠨ ᠤ ᠤᠷᠳᠤᠨ᠂ ᠨᠤᠮ ᠤᠨ ᠰᠠᠩ ᠤᠨ ᠶᠡᠷᠦᠩᠬᠡᠢ ᠪᠤᠯᠤᠨ ᠰᠠᠯᠪᠤᠷᠢ ᠰᠠᠩ ᠤᠨ ᠳᠦᠷᠢᠮ ᠢ ᠪᠦᠬᠦ ᠲᠠᠯ᠎ᠠ ᠪᠡᠷ ᠬᠡᠷᠡᠭᠵᠢᠭᠦᠯᠬᠦ ᠰᠠᠨᠠᠯ ᠢ ᠲᠤᠭᠳᠠᠭᠠᠨ᠎ᠠ ᠃ 7 ᠰᠠᠷ᠎ᠠ ᠶᠢᠨ ᠰᠡᠬᠦᠯᠴᠢ ᠡᠴᠡ ᠡᠮᠦᠨ᠎ᠡ᠂ ᠨᠡᠶᠢᠲᠡ ᠶᠢᠨ ᠰᠤᠶᠤᠯ ᠤᠨ ᠪᠠᠶᠢᠭᠤᠯᠤᠮᠵᠢ  ᠶᠢᠨ ᠬᠡᠷᠡᠭ ᠡᠷᠬᠢᠯᠡᠭᠴᠢᠳ ᠤᠨ ᠺᠤᠮᠢᠰ ᠤᠨ ᠳᠦᠷᠢᠮ ᠤᠨ ᠲᠦᠰᠦᠯ ᠢ ᠲᠤᠭᠲᠠᠭᠠᠨ᠎ᠠ᠃ 8 ᠰᠠᠷ᠎ᠠ ᠶᠢᠨ ᠰᠡᠬᠦᠯᠴᠢ ᠡᠴᠡ ᠡᠮᠦᠨ᠎ᠡ᠂ ᠰᠢᠭᠤᠳ ᠬᠠᠷᠢᠶ᠎ᠠ ᠤᠯᠤᠰ ᠤᠨ ᠦᠮᠴᠢᠯᠡᠯᠲᠤ ᠰᠤᠶᠤᠯ ᠤᠷᠠᠯᠢᠭ ᠤᠨ ᠪᠦᠯᠬᠦᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠦᠰᠦᠯ ᠢ ᠲᠤᠭᠲᠠᠭᠠᠨ᠎ᠠ᠃ ( ᠲᠠᠳᠤᠯᠭ᠎ᠠ ᠶᠢᠨ ᠰᠤᠷᠤᠭᠴᠢ ᠵᠢᠢ ᠶᠠᠨ ᠺᠦᠨ ᠤᠷᠴᠢᠭᠤᠯᠪᠠ)

ᠢᠷᠡᠯᠳᠡ᠄ ᠤᠮᠠᠷᠠᠲᠤ ᠶᠢᠨ ᠰᠢᠨ᠎ᠠ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120770521