蒙古文网站Logo
ᠰᠢᠨᠬᠤᠸᠠ ᠮᠤᠩᠭ᠋ᠤᠯ ᠨᠧᠲ

《ᠨᠤᠮᠤ ᠶᠢᠨ ᠬᠤᠷᠤᠬᠠᠶᠢᠲᠠᠨ》- ᠨᠤᠮᠢᠨ

2017-04-10 11:32

    ᠨᠤᠮᠢᠨ ᠪᠤᠯ ᠦᠪᠦᠷ ᠮᠣᠩᠭᠣᠯ ᠤᠨ ᠷᠠᠳᠢᠤ᠋ ᠲᠸᠯᠸᠢᠰ ᠬᠤᠷᠢᠶ᠎ᠠ ᠶᠢᠨ ᠮᠣᠩᠭᠣᠯ ᠬᠡᠯᠡᠨ ᠤ ᠰᠤᠪᠠᠭ ᠤᠨ ᠨᠠᠶᠢᠷᠠᠭᠤᠯᠤᠭᠴᠢ᠃ ᠳᠡᠭᠡᠷ᠎ᠠ ᠵᠠᠭᠤᠨ ᠤ ᠶᠡᠷᠡᠭᠡᠳ ᠤᠨ ᠤ ᠦᠶ᠎ᠠ ᠪᠡᠷ ᠲᠡᠷᠡ ᠨᠢᠭᠡᠨ ᠤᠳᠠᠭᠠᠨ ᠤ ᠰᠤᠷᠪᠤᠯᠵᠢᠯᠠᠭ᠎ᠠ ᠪᠡᠷ ᠡᠪᠡᠷ ᠨᠤᠮᠤ ᠲᠠᠢ ᠬᠤᠪᠢ ᠪᠠᠷᠢᠯᠳᠤᠯᠭ᠎ᠠ ᠲᠠᠢ ᠪᠤᠯᠪᠠ᠃ ᠡᠭᠦᠨ ᠡᠴᠡ ᠡᠬᠢᠯᠡᠨ ᠲᠡᠷᠡ ᠮᠣᠩᠭᠣᠯ ᠦᠨᠳᠦᠰᠦᠲᠡᠨ ᠤ ᠤᠯᠠᠮᠵᠢᠯᠠᠯᠲᠤ ᠨᠤᠮᠤ ᠰᠤᠮᠤ ᠶᠢᠨ ᠰᠤᠶᠤᠯ ᠢᠶᠡᠨ ᠰᠡᠷᠭᠦᠭᠡᠨ ᠮᠠᠨᠳᠤᠭᠤᠯᠬᠤ ᠪᠡᠷ ᠵᠤᠷᠢᠭ ᠰᠢᠭᠤᠳᠤᠨ᠂ ᠡᠪᠡᠷ ᠨᠤᠮᠤ ᠦᠢᠯᠡᠳᠬᠦ ᠮᠡᠷᠭᠡᠵᠢᠯ ᠢ ᠰᠤᠷᠤᠯᠴᠠᠵᠠᠢ᠃ ᠲᠡᠷᠡᠪᠡᠷ 2007 ᠤ 7 ᠰᠠᠷ᠎ᠠ ᠳᠤ ᠠᠩᠬᠠᠨ ᠤ ᠡᠪᠡᠷ ᠨᠤᠮᠤ ᠪᠡᠨ ᠦᠢᠯᠡᠳᠴᠤ ᠪᠠᠶᠢᠭᠰᠠᠨ᠃ 2011 ᠤᠨ ᠳᠤ᠂ ᠮᠣᠩᠭᠣᠯ ᠦᠨᠳᠦᠰᠦᠲᠡᠨ ᠤ ᠡᠪᠡᠷ ᠨᠤᠮᠤ ᠦᠢᠯᠡᠳᠬᠦ ᠮᠡᠷᠭᠡᠵᠢᠯ ᠨᠢ ᠭᠤᠷᠪᠠᠳᠤᠭᠠᠷ ᠡᠭᠡᠯᠵᠢ ᠶᠢᠨ ᠲᠦᠷᠦ ᠶᠢᠨ ᠵᠡᠷᠭᠡᠯᠡᠯ ᠤᠨ ᠪᠡᠶᠡᠲᠤ ᠪᠤᠰᠤ ᠰᠤᠶᠤᠯ ᠤᠨ ᠦᠪ ᠤᠨ ᠬᠠᠮᠠᠭᠠᠯᠠᠯᠲᠠ ᠶᠢᠨ ᠲᠦᠰᠦᠯ ᠳᠤ ᠵᠢᠬᠰᠠᠭᠠᠭᠳᠠᠵᠤ᠂ ᠨᠤᠮᠢᠨ ᠲᠦᠯᠦᠭᠡᠯᠡᠭᠴᠢ ᠴᠢᠨᠠᠷᠲᠠᠢ ᠤᠯᠠᠮᠵᠢᠯᠠᠭᠴᠢ ᠪᠡᠷ ᠰᠤᠩᠭ᠋ᠤᠭᠳᠠᠵᠠᠢ᠃ ᠮᠣᠩᠭᠣᠯ ᠦᠨᠳᠦᠰᠦᠲᠡᠨ ᠤ ᠡᠪᠡᠷ ᠨᠤᠮᠤ ᠪᠤᠯᠤᠨ ᠨᠡᠭᠦᠳᠡᠯᠴᠢᠨ ᠦᠨᠳᠦᠰᠦᠲᠡᠨ ᠤ ᠰᠤᠶᠤᠯ ᠢᠶᠡᠨ ᠬᠦᠭ᠍ᠵᠢᠭᠦᠯᠦᠨ ᠪᠠᠳᠠᠷᠠᠭᠤᠯᠬᠤ ᠶᠢᠨ ᠲᠦᠯᠦᠭᠡ ᠲᠡᠷᠡ ᠡᠯ᠎ᠠ ᠵᠦᠢᠯ ᠤᠨ ᠤᠯᠠᠮᠵᠢᠯᠠᠯᠲᠤ ᠨᠤᠮᠤ ᠰᠤᠮᠤ ᠶᠢᠨ ᠤᠷᠤᠯᠳᠤᠭᠠᠨ ᠤ ᠰᠠᠨᠠᠭᠠᠴᠢᠯᠠᠨ ᠲᠦᠰᠦᠪᠯᠡᠬᠦ ᠠᠵᠢᠯᠯᠠᠭ᠎ᠠ ᠳᠤ ᠤᠷᠤᠯᠴᠠᠬᠤ ᠶᠢᠨ ᠬᠠᠮᠲᠤ ᠮᠣᠩᠭᠣᠯ ᠦᠨᠳᠦᠰᠦᠲᠡᠨ ᠤ ᠤᠯᠠᠮᠵᠢᠯᠠᠯᠲᠤ ᠡᠪᠡᠷ ᠨᠤᠮᠤ ᠶᠢᠨ ᠮᠦᠽᠸᠢ ᠪᠤᠯᠤᠨ ᠨᠤᠮᠤ ᠰᠤᠮᠤ ᠶᠢᠨ ᠦᠢᠯᠡᠳᠬᠦ ᠦᠢᠯᠡᠳᠭᠡᠯ ᠤᠨ ᠭᠠᠵᠠᠷ ᠢ ᠪᠠᠶᠢᠭᠤᠯᠪᠠ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢᠶᠡᠨ ᠵᠸᠡ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120780814