蒙古文网站Logo
ᠰᠢᠨᠬᠤᠸᠠ ᠮᠤᠩᠭ᠋ᠤᠯ ᠨᠧᠲ

ᠬᠥᠷᠢᠶ᠎ᠠ ᠬᠤᠰᠢᠭᠤᠨ ᠳ᠋ᠤ ᠪᠢᠯᠠᠭᠤ ᠶ᠋ᠢᠨ ᠪᠤᠯᠪᠠᠰᠤᠷᠠᠯ ᠤᠨ ᠰᠠᠭᠤᠷᠢᠨ ᠭᠠᠵᠡᠷ ᠪᠠᠢᠭᠤᠯᠤᠭᠳᠠᠪᠠ

2017-04-15 13:29

    4 ᠰᠠᠷ᠎ᠠ ᠶ᠋ᠢᠨ 11 ᠤ ᠡᠳᠤᠷ ᠂ ᠲᠥᠡᠭᠯᠢᠶᠤᠤ ᠬᠤᠳᠠ ᠶ᠋ᠢᠨ ᠥᠨᠳᠤᠰᠤᠳᠠᠨ ᠱᠠᠰᠢᠨ ᠰᠤᠷᠳᠠᠬᠤᠨ ᠤ ᠭᠡᠷᠡᠭ ᠡᠷᠬᠢᠯᠡᠬᠥ ᠵᠥᠪᠯᠡᠯ ᠂ ᠰᠤᠷᠭᠠᠨ ᠬᠥᠮᠤᠵᠢᠯ ᠪᠡᠶ᠎ᠠ ᠲᠠᠮᠢᠷ ᠤᠨ ᠲᠤᠪᠴᠢᠶ᠎ᠠ ᠪᠤᠯᠤᠨ ᠬᠥᠷᠢᠶ᠎ᠠ ᠬᠤᠰᠢᠭᠤᠨ ᠤ ᠥᠨᠳᠤᠰᠤᠳᠠᠨ ᠱᠠᠰᠢᠨ ᠰᠤᠷᠳᠠᠬᠤᠨ ᠤ ᠭᠡᠷᠡᠭ ᠡᠷᠬᠢᠯᠡᠬᠥ ᠵᠥᠪᠯᠡᠯ ᠬᠠᠮᠳᠤᠷᠠᠨ ᠡᠷᠬᠢᠯᠡᠭᠰᠡᠨ《 ᠲᠥᠡᠭᠯᠢᠶᠤᠤ ᠬᠤᠳᠠ ᠶ᠋ᠢᠨ ᠪᠢᠯᠡᠭᠤ ᠶ᠋ᠢᠨ ᠪᠤᠯᠪᠠᠰᠤᠷᠠᠯ ᠤᠨ ᠰᠠᠭᠤᠷᠢᠨ ᠭᠠᠵᠡᠷ ᠤᠨ ᠫᠠᠶᠢᠰᠠ ᠡᠯᠬᠥᠬᠥ ᠶᠤᠰᠤᠯᠠᠯ ᠵᠢᠴᠢ ᠦᠪᠦᠷ ᠮᠣᠩᠭᠣᠯ ᠤᠨ ᠥᠪᠡᠷᠳᠡᠭᠡᠨ ᠵᠠᠰᠠᠬᠤ ᠤᠷᠤᠨ ᠤ ᠶᠢᠰᠤᠳᠤᠭᠡᠷ ᠬᠤᠭᠤᠴᠠᠭᠠᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠲᠠᠮᠢᠷ ᠤᠨ ᠴᠤᠭᠯᠠᠭᠠᠨ ᠤ ᠪᠢᠯᠠᠭᠤ ᠶ᠋ᠢᠨ ᠤᠷᠤᠯᠳᠤᠭᠠᠨ ᠳ᠋ᠤ ᠤᠷᠤᠯᠴᠠᠬᠤ ᠲᠠᠮᠢᠷᠴᠢᠳ ᠢ ᠰᠢᠯᠢᠬᠦ ᠤᠷᠤᠯᠳᠤᠭᠠᠨ 》 ᠨᠢ ᠬᠥᠷᠢᠶ᠎ᠠ ᠬᠤᠰᠢᠭᠤᠨ ᠤ ᠡᠯᠡᠰᠤᠨ ᠪᠠᠯᠭᠠᠰᠤᠨ ᠤ ᠪᠠᠶᠠᠨᠳᠠᠯ᠎ᠠ ᠭᠠᠴᠠᠭᠠᠨ ᠳ᠋ᠤ ᠶᠠᠪᠤᠭᠳᠠᠵᠤ᠂ ᠲᠥᠡᠭᠯᠢᠶᠤᠤ ᠬᠤᠳᠠ ᠶ᠋ᠢᠨ ᠠᠩᠬᠠᠨ ᠤ ᠪᠢᠯᠠᠭᠤ ᠶ᠋ᠢᠨ ᠪᠤᠯᠪᠠᠰᠤᠷᠠᠯ ᠤᠨ ᠰᠠᠭᠤᠷᠢᠨ ᠭᠠᠵᠡᠷ ᠨᠢ ᠲᠤᠰ ᠭᠠᠴᠠᠭᠠᠨ ᠳ᠋ᠤ ᠪᠠᠢᠭᠤᠯᠤᠭᠳᠠᠭᠰᠠᠨ ᠪᠠᠢᠨ᠎ᠠ᠃

    ᠲᠠᠮᠢᠷᠴᠢᠳ ᠢ ᠰᠢᠯᠢᠬᠦ ᠤᠷᠤᠯᠳᠤᠭᠠᠨ ᠨᠢ ᠲᠤᠰ ᠪᠤᠯᠪᠠᠰᠤᠷᠠᠯ ᠤᠨ ᠰᠠᠭᠤᠷᠢᠨ ᠭᠠᠵᠡᠷ ᠲᠤ ᠶᠠᠪᠤᠭᠳᠠᠵᠤ ᠂ ᠡᠯ᠎ᠠ ᠬᠤᠰᠢᠭᠤ ᠰᠢᠶᠠᠨ ᠡᠴᠠ ᠬᠥᠷᠤᠯᠴᠠᠨ ᠢᠷᠡᠭᠰᠡᠨ 57 ᠨᠠᠷᠠᠰ ᠤᠷᠤᠯᠳᠤᠭᠴᠢᠳ ᠤᠨ ᠲᠤᠳᠤᠷ᠎ᠠ ᠡᠴᠠ ᠬᠥᠷᠢᠶ᠎ᠠ ᠬᠤᠰᠢᠭᠤᠨ ᠤ ᠼᠥᠢ ᠫᠢᠡᠭ ᠂ ᠨᠡᠶ᠋ᠮᠡᠨ ᠬᠤᠰᠢᠭᠤᠨ ᠤ ᠲᠠᠯ᠎ᠠ ᠵᠠᠷᠭᠡ 8 ᠨᠠᠷᠠᠰ ᠲᠠᠮᠢᠷᠴᠢᠳ ᠤᠯᠠᠨ ᠡᠴᠠ ᠴᠤᠯᠭᠠᠷᠠᠨ ᠭᠠᠷᠴᠤ ᠂ ᠦᠪᠦᠷ ᠮᠣᠩᠭᠣᠯ ᠤᠨ ᠥᠪᠡᠷᠳᠡᠭᠡᠨ ᠵᠠᠰᠠᠬᠤ ᠤᠷᠤᠨ ᠤ ᠶᠢᠰᠤᠳᠤᠭᠡᠷ ᠬᠤᠭᠤᠴᠠᠭᠠᠨ ᠤ ᠴᠥᠭᠡᠨ ᠲᠤᠭᠠᠳᠤ ᠥᠨᠳᠤᠰᠤᠳᠠᠨ ᠤ ᠤᠯᠠᠮᠵᠢᠯᠠᠯᠳᠤ ᠪᠡᠶ᠎ᠠ ᠲᠠᠮᠢᠷ ᠤᠨ ᠴᠤᠭᠯᠠᠭᠠᠨ ᠤ ᠪᠢᠯᠠᠭᠤ ᠶ᠋ᠢᠨ ᠤᠷᠤᠯᠳᠤᠭᠠᠨ ᠳ᠋ᠤ ᠤᠷᠤᠯᠴᠠᠬᠤ ᠡᠷᠭᠡ ᠶ᠋ᠢ ᠤᠯᠤᠭᠰᠠᠨ ᠪᠠᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120815754