蒙古文网站Logo
ᠰᠢᠨᠬᠤᠸᠠ ᠮᠤᠩᠭ᠋ᠤᠯ ᠨᠧᠲ

ᠲᠤᠮᠤ ᠬᠡᠯᠪᠡᠷᠢ ᠶᠢᠨ ᠰᠤᠷᠪᠤᠯᠵᠢ ᠪᠢᠴᠢᠭ᠌ ᠤᠨ ᠪᠠᠷᠢᠮᠳᠠᠲᠤ ᠺᠢᠨᠤ᠋《 ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠮᠡᠨᠳᠦᠯᠡᠭᠰᠡᠨ ᠳᠡᠮᠳᠡᠭᠯᠡᠯ》 ᠢ 18 ᠤ ᠡᠳᠦᠷ ᠵᠢᠷᠤᠭᠯᠠᠵᠤ ᠡᠬᠢᠯᠡᠪᠡ

2017-04-19 11:34

    ᠰᠢᠨᠬᠤᠸᠠ ᠬᠤᠷᠢᠶ᠎ᠠ ᠬᠦᠬᠡᠬᠤᠲᠠ ᠶᠢᠨ 4 ᠰᠠᠷ᠎ᠠ ᠶᠢᠨ 18 ᠤ ᠡᠳᠦᠷ ( ᠰᠤᠷᠪᠤᠯᠵᠢᠯᠠᠭᠴᠢ ᠫᠸᠩ ᠶᠤᠸᠠᠨ) ᠲᠠᠪᠤᠨ ᠪᠦᠯᠦᠭᠲᠤ ᠰᠤᠷᠪᠤᠯᠵᠢ ᠪᠢᠴᠢᠭ᠌ ᠤᠨ ᠪᠠᠷᠢᠮᠲᠠᠲᠤ ᠺᠢᠨᠤ᠋ 《 ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠮᠡᠨᠳᠦᠯᠡᠭᠰᠡᠨ ᠳᠡᠮᠳᠡᠭᠯᠡᠯ》ᠪᠤᠯᠤᠨ ᠪᠠᠷᠢᠮᠲᠠᠲᠤ ᠺᠢᠨᠤ᠋《 ᠲᠦᠷᠰᠤ ᠪᠢᠴᠢᠯᠭᠡ ᠶᠢᠨ ᠬᠠᠮᠤᠭ ᠤᠨ ᠡᠷᠬᠢᠮ ᠨᠠᠨᠳᠢᠨ ᠳᠤᠷᠠᠰᠤᠮᠵᠢ-- ᠤᠯᠠᠭᠠᠨᠬᠦᠦ》 ᠶ᠋ᠢ 18 ᠤ ᠡᠳᠦᠷ ᠦᠪᠦᠷ ᠮᠣᠩᠭᠣᠯ ᠤᠨ ᠤᠯᠠᠭᠠᠨᠴᠠᠪ ᠬᠤᠲᠠ ᠳᠤ ᠵᠢᠷᠤᠭᠯᠠᠵᠤ ᠡᠬᠢᠯᠡᠪᠡ᠂ ᠬᠤᠶᠠᠷ ᠺᠢᠨᠤ᠋  ᠶᠢ ᠴᠦᠮ᠎ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠲᠦᠪ ᠤᠨ ᠰᠤᠨᠢᠨ ᠮᠡᠳᠡᠭᠡᠨ ᠤ ᠪᠠᠷᠢᠮᠳᠠᠲᠤ ᠺᠢᠨᠤ᠋ ᠶᠢᠨ ᠦᠢᠯᠡᠳᠪᠦᠷᠢ ᠲᠠᠢ ᠬᠠᠮᠲᠤᠷᠠᠨ ᠵᠢᠷᠤᠭᠯᠠᠵᠤ ᠪᠤᠢ᠃

    ᠲᠦᠪ ᠤᠨ ᠰᠤᠨᠢᠨ ᠮᠡᠳᠡᠭᠡᠨ ᠤ ᠪᠠᠷᠢᠮᠳᠠᠲᠤ ᠺᠢᠨᠤ᠋ ᠪᠦᠯᠦᠭᠯᠡᠯ ᠤᠨ ᠶᠡᠷᠦᠩᠬᠡᠢ ᠨᠠᠶᠢᠷᠠᠭᠤᠯᠤᠭᠴᠢ ᠭᠦᠸᠸ ᠪᠸᠨ ᠮᠢᠨ ᠤ ᠲᠠᠨᠢᠯᠴᠠᠭᠤᠯᠤᠭᠰᠠᠨ ᠢᠶᠡᠷ᠂ ᠬᠤᠶᠠᠷ ᠺᠢᠨᠤ᠋ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠵᠢᠴᠢ ᠤᠯᠠᠭᠠᠨᠬᠦᠦ ᠨᠦᠬᠦᠷ ᠤᠨ ᠶᠡᠬᠡ ᠬᠡᠮᠵᠢᠶᠡᠨ ᠤ ᠲᠡᠤᠬᠡ ᠶᠢᠨ ᠦᠨᠡᠲᠤ ᠲᠦᠷᠰᠤ ᠪᠢᠴᠢᠯᠭᠡ ᠶᠢᠨ ᠮᠠᠲ᠋ᠸᠷᠢᠶᠠᠯ ᠢ ᠠᠰᠢᠭᠯᠠᠪᠠ᠃ ᠵᠢᠱᠢᠶᠡᠯᠡᠪᠡᠯ 1949 ᠤᠨ ᠤ 9 ᠰᠠᠷ ᠠ ᠳᠤ᠂ ᠤᠯᠠᠭᠠᠨᠬᠦᠦ ᠨᠦᠬᠦᠷ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠤᠷᠠᠯ ᠳᠤ ᠤᠷᠤᠯᠴᠠᠭᠰᠠᠨ᠂ 1949 ᠤᠨ ᠤ 10 ᠰᠠᠷ᠎ᠠ ᠶᠢᠨ 1 ᠤ ᠡᠳᠦᠷ ᠤᠯᠠᠭᠠᠨᠬᠦᠦ ᠨᠦᠬᠦᠷ ᠨᠠᠮ ᠪᠤᠯᠤᠨ ᠲᠦᠷᠦ ᠶᠢᠨ ᠤᠳᠤᠷᠢᠳᠤᠬᠤ ᠬᠦᠮᠦᠰ ᠲᠠᠢ ᠬᠠᠮᠲᠤ ᠲᠢᠶᠠᠨ ᠠᠨ ᠮᠸᠨ ᠠᠰᠠᠷ ᠲᠤ ᠭᠠᠷᠴᠤ ᠤᠯᠤᠰ ᠪᠠᠶᠢᠭᠤᠯᠤᠭᠳᠠᠭᠰᠠᠨ ᠦᠪᠡᠳᠡᠭᠰᠢ ᠶᠤᠰᠤᠯᠠᠯ ᠳᠤ ᠤᠷᠤᠯᠴᠠᠵᠤ ᠪᠠᠶᠢᠭᠰᠠᠨ ᠵᠡᠷᠭᠡ ᠶᠢ ᠪᠤᠲᠤᠭ ᠦᠭᠡᠢ ᠲᠦᠷᠰᠤ ᠪᠢᠴᠢᠯᠭᠡ ᠪᠡᠷ ᠳᠠᠮᠵᠢᠭᠤᠯᠤᠨ ᠦᠷᠭᠡᠨ ᠤᠯᠠᠨ ᠦᠵᠡᠭᠴᠢ ᠲᠦᠮᠡᠨ ᠳᠤ 70 ᠵᠢᠯ ᠤᠨ ᠡᠮᠦᠨᠡᠬᠢ ᠲᠡᠤᠬᠡ ᠶᠢ ᠡᠷᠬᠢᠴᠡᠭᠦᠯᠦᠨ ᠳᠤᠷᠠᠳᠬᠠᠭᠤᠯᠬᠤ ᠪᠤᠯᠤᠨ᠎ᠠ ᠭᠡᠯ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120836657