蒙古文网站Logo
ᠰᠢᠨᠬᠤᠸᠠ ᠮᠤᠩᠭ᠋ᠤᠯ ᠨᠧᠲ

ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ

2017-04-19 11:34

    4 ᠰᠠᠷ᠎ᠠ ᠶᠢᠨ 17 ᠤ ᠡᠳᠦᠷ᠂ ᠤᠯᠠᠭᠠᠭᠴᠢᠨ ᠳᠠᠬᠢᠶ᠎ᠠ ᠵᠢᠯ ᠤᠨ ᠬᠠᠪᠤᠷ ᠤᠨ ᠤᠯᠠᠷᠢᠯ ᠤᠨ ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠡᠵᠡᠨ ᠬᠤᠷᠤᠭ᠎ᠠ ᠬᠤᠰᠢᠭᠤᠨ ᠤ ᠴᠢᠩᠬᠢᠰ ᠤᠨ ᠤᠩᠭ᠋ᠤᠨ ᠳᠤ ᠶᠠᠪᠤᠭᠳᠠᠪᠠ᠃

    ᠤᠷᠳᠤᠰ ᠬᠤᠳᠠ ᠪᠤᠯᠤᠨ ᠤᠷᠳᠤᠰ ᠬᠤᠳᠠ ᠶᠢᠨ ᠡᠯ᠎ᠡ ᠬᠤᠰᠢᠭᠤ ᠲᠤᠭᠤᠷᠢᠭ ᠤᠨ ᠲᠦᠯᠦᠭᠡᠯᠡᠭᠴᠢᠳ ᠤᠨ ᠪᠦᠯᠬᠦᠮ ᠵᠢᠴᠢ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ᠂ ᠤᠯᠠᠭᠠᠨᠬᠠᠳᠠ ᠬᠤᠳᠠ᠂ ᠪᠤᠭᠤᠳᠤ ᠬᠤᠳᠠ᠂ ᠤᠯᠠᠭᠠᠨᠴᠠᠪ ᠬᠤᠳᠠ᠂ ᠬᠦᠯᠦᠨ ᠪᠤᠶᠢᠷ ᠬᠤᠳᠠ᠂ ᠬᠦᠬᠡᠨᠠᠭᠤᠷ ᠮᠤᠵᠢ ᠶᠢᠨ ᠡᡁᠧᠨᠠᠨ  ᠮᠤᠩᠭ᠋ᠤᠯ ᠦᠨᠳᠦᠰᠦᠳᠡᠨ ᠤ ᠦᠪᠡᠷᠳᠡᠭᠡᠨ ᠵᠠᠰᠠᠬᠤ ᠰᠢᠶᠠᠨ ᠵᠡᠷᠭᠡ ᠭᠠᠵᠠᠷ ᠤᠨ ᠲᠦᠯᠦᠭᠡᠯᠡᠭᠴᠢᠳ ᠤᠨ ᠪᠦᠯᠬᠦᠮ ᠠᠯᠪᠠᠨ ᠳᠠᠶᠢᠯᠭ᠎ᠠ ᠶᠢᠨ ᠶᠤᠰᠤᠯᠠᠯ ᠳᠤ ᠤᠷᠤᠯᠴᠠᠪᠠ᠃ ᠳᠠᠶᠢᠯᠭ᠎ᠠ ᠶᠢᠨ ᠬᠤᠭᠤᠴᠠᠭᠠᠨ ᠳᠤ ᠪᠠᠰᠠ 2017 ᠤᠨ ᠤ ᠤᠷᠤᠨ ᠳᠠᠶᠠᠭᠠᠷ ᠤᠨ ᠬᠤᠶᠠᠳᠤᠭᠠᠷ ᠬᠤᠭᠤᠴᠠᠭᠠᠨ ᠤ 《ᠪᠡᠯᠬᠦᠳᠠᠢ》 ᠨᠡᠷᠡᠮᠵᠢᠳᠦ 512 ᠰᠢᠯᠢᠳᠡᠭ ᠪᠦᠬᠡ ᠶᠢᠨ ᠴᠤᠭᠯᠠᠭᠠᠨ ᠪᠤᠯᠤᠨ ᠦᠨᠳᠦᠰᠦᠳᠡᠨ ᠤ ᠡᠳ᠋ᠯᠡᠯ  ᠤᠨ ᠳᠡᠯᠭᠡᠨ ᠪᠤᠷᠤᠯᠠᠭᠤᠯᠭ᠎ᠠ ᠶᠢᠨ ᠴᠤᠭᠯᠠᠭᠠᠨ ᠢ ᠵᠤᠬᠢᠶᠠᠨ ᠪᠠᠶᠢᠭᠤᠯᠵᠠᠢ᠃ ᠲᠤᠰ ᠤᠳᠠᠭᠠᠨ ᠤ ᠳᠠᠶᠢᠯᠭ᠎ᠠ ᠳᠤ ᠤᠯᠤᠰ ᠤᠨ ᠲᠤᠳᠤᠭᠠᠳᠤ ᠭᠠᠳᠠᠭᠠᠳᠦ ᠶᠢᠨ 10 ᠲᠦᠮᠡ ᠰᠢᠬᠠᠮ ᠬᠦᠮᠦᠨ ᠤᠷᠤᠯᠴᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120836669