蒙古文网站Logo
ᠰᠢᠨᠬᠤᠸᠠ ᠮᠤᠩᠭ᠋ᠤᠯ ᠨᠧᠲ

《ᠴᠠᠨ᠎ᠠ ᠴᠡᠴᠡᠭ》ᠺᠢᠨᠣ᠋ ᠶᠢ ᠰᠡᠭᠦᠳᠡᠷᠯᠡᠵᠤ ᠡᠬᠢᠯᠡᠵᠡᠢ

2017-04-28 17:46

    ᠰᠢᠨᠬᠤᠧᠠ ᠬᠤᠷᠢᠶ᠎ᠠ   ᠬᠦᠬᠡᠬᠤᠲᠠ ᠶᠢᠨ 4 ᠰᠠᠷ᠎ᠠ ᠶᠢᠨ 28 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠯᠢ ᠶᠦᠨ ᠫᠢᠩ) 4 ᠰᠠᠷ᠎ᠠ ᠶᠢᠨ 28 ᠤ ᠡᠳᠦᠷ᠂ 《ᠴᠠᠨ᠎ᠠ ᠴᠡᠴᠡᠭ》ᠺᠢᠨᠣ᠋ ᠶᠢ ᠦᠪᠦᠷ ᠮᠤᠩᠭᠤᠯ ᠤᠨ ᠬᠤᠷᠢᠨᠭᠡᠷ ᠰᠢᠶᠠᠨ ᠳᠦ ᠰᠡᠭᠦᠳᠡᠷᠯᠡᠵᠤ ᠡᠬᠢᠯᠡᠵᠡᠢ᠃

    ᠲᠤᠰ ᠺᠢᠨᠣ᠋ ᠳᠤ ᠭᠤᠤᠯᠳᠠᠭᠤ ᠦᠷᠭᠡᠨ ᠤᠯᠠᠠ ᠦᠵᠡᠭᠴᠢᠳ ᠲᠦ ᠦᠨᠳᠦᠰᠦᠨ ᠱᠠᠲᠤᠨ ᠤ ᠺᠠᠳ᠋ᠷ᠂ ᠤᠯᠠᠨ ᠲᠦᠮᠡᠨ ᠢ ᠳᠠᠭᠠᠭᠤᠯᠤᠨ ᠶᠠᠳᠠᠭᠤ ᠡᠴᠡ ᠠᠩᠭᠢᠵᠢᠷᠠᠭᠤᠯᠤᠭᠰᠠᠨ ᠪᠠ ᠦᠵᠡᠰᠭᠦᠯᠡᠩᠳᠤ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠤᠭᠰᠠᠨ ᠰᠡᠳᠬᠢᠯ ᠬᠦᠳᠡᠯᠭᠡᠮ᠎ᠡ ᠦᠯᠢᠭᠡᠷ ᠦᠢᠯᠡ ᠬᠡᠷᠡᠭ ᠢ ᠳᠤᠭᠠᠴᠢᠵᠠᠢ᠃ ᠬᠦᠬᠡᠬᠤᠲᠠ ᠶᠢᠨ ᠡᠮᠦᠨ᠎ᠡ ᠲᠡᠭᠦᠷᠭᠡ ᠶᠢᠨ ᠠᠭᠤᠯᠠᠨ ᠲᠤᠰᠬᠤᠨ ᠳᠦ᠂ ᠤᠯᠤᠰ ᠤᠨ ᠵᠡᠷᠭᠡᠯᠡᠯ ᠤᠨ ᠰᠢᠨ᠎ᠡ ᠲᠤᠭᠤᠷᠢᠭ ᠪᠠᠶᠢᠭᠤᠯᠬᠤ ᠶᠢᠨ ᠲᠦᠯᠦᠭᠡ ᠡᠮᠡᠭᠲᠠᠢ ᠰᠢᠶᠠᠩ ᠤᠨ ᠳᠠᠷᠤᠭ᠎ᠠ ᠶᠠᠩ ᠯᠢᠨ ᠬᠦᠳᠡᠭᠡ ᠠᠶᠢᠯ ᠢᠶᠡᠷ ᠬᠦᠷᠴᠤ᠂ ᠠᠷᠠᠳ ᠤᠨ ᠠᠮᠢᠳᠤᠷᠠᠯ ᠳᠤ ᠬᠦᠨᠵᠡᠬᠡᠶᠢᠷᠡᠨ᠂ ᠦᠨᠳᠦᠰᠦᠨ ᠱᠠᠲᠤᠨ ᠤ ᠤᠯᠠᠨ ᠲᠦᠮᠡᠨ ᠤ ᠬᠦᠴᠢᠷ ᠵᠤᠪᠠᠭᠤᠷᠢ ᠶᠢ ᠬᠠᠯᠠᠮᠵᠢᠯᠠᠵᠤ ᠶᠠᠪᠤᠵᠠᠢ᠃ ᠳᠡᠬᠡᠬᠦ ᠳᠤ ᠪᠡᠨ ᠬᠠᠷᠢᠨ᠂ ᠤᠳᠤ ᠶᠢᠨ ᠬᠦᠳᠡᠭᠡ ᠲᠤᠰᠬᠤᠨ ᠳᠤ ᠤᠯᠠᠨ ᠲᠦᠮᠡᠨ ᠦᠨᠳᠦᠰᠦᠨ ᠱᠠᠲᠤᠨ ᠤ ᠺᠠᠳ᠋ᠷ ᠤᠨ ᠤᠪᠤᠷ ᠰᠤᠷᠳᠠᠯ ᠢ ᠢᠲᠡᠭᠡᠬᠦ ᠦᠭᠡᠢ᠂ 《ᠳᠤᠰᠬᠤᠨ ᠤ ᠳᠠᠩᠬᠠᠢ ᠡᠳᠡᠬᠡᠳ》 ᠲᠤᠷ᠎ᠠ ᠵᠤᠷᠢᠭ ᠪᠡᠷ ᠢᠶᠡᠨ ᠠᠭᠠᠰᠢᠯᠠᠵᠤ ᠪᠠᠶᠢᠬᠤ ᠶᠠᠪᠤᠳᠠᠯ ᠳᠡᠬᠦᠨ ᠢ ᠡᠷᠡᠬᠡᠯᠵᠡᠬᠦᠯᠦᠭᠰᠡᠨ ᠪᠠᠶᠢᠯ᠎ᠠ᠃ ᠬᠤᠵᠢᠮ ᠨᠢ ᠳᠡᠷᠡ ᠴᠦᠬᠦᠷᠡᠰᠢ ᠦᠭᠡᠢ ᠴᠢᠷᠮᠠᠶᠢᠯᠭ᠎ᠠ ᠪᠡᠷ ᠢᠶᠡᠨ᠂ ᠴᠠᠨ᠎ᠠ ᠴᠡᠴᠡᠭ ᠳᠡᠯᠭᠡᠷᠡᠬᠦ ᠤᠯᠠᠷᠢᠯ ᠳᠤ ᠲᠤᠰᠬᠤᠨ ᠤ ᠢᠷᠬᠡᠳ ᠤᠨ ᠰᠡᠳᠬᠢᠯ ᠲᠡᠬᠢ ᠠᠯᠪᠠᠨ ᠵᠠᠷᠤᠴᠠ ᠶᠢᠨ ᠳᠦᠷᠢ ᠳᠦᠷᠬᠦ ᠶᠢ ᠪᠤᠴᠠᠭᠠᠵᠤ ᠠᠪᠴᠢᠷᠠᠵᠠᠢ᠃

    ᠲᠤᠰ ᠺᠢᠨᠣ᠋ ᠳᠦ᠂ ᠬᠤᠷᠢᠨᠭᠡᠷ ᠰᠢᠶᠠᠨ ᠤ ᠤᠯᠤᠰ ᠤᠨ ᠵᠡᠷᠭᠡᠯᠡᠯ ᠤᠨ ᠰᠢᠨ᠎ᠡ ᠬᠤᠲᠠ ᠲᠤᠭᠤᠷᠢᠭ ᠤᠨ ᠬᠦᠮᠦᠨ ᠠᠷᠠᠳ ᠤᠨ ᠵᠠᠩ ᠵᠠᠩᠰᠢᠯ᠂ ᠪᠠᠶᠢᠭᠠᠯᠢ ᠶᠢᠨ ᠦᠵᠡᠮᠦᠷᠢ ᠶᠢ ᠢᠯᠡᠷᠡᠭᠦᠯᠵᠦ᠂ ᠨᠡᠷᠡᠲᠦ ᠠᠵᠤ ᠠᠬᠤᠶᠢᠯᠠᠯ ᠪᠠ ᠰᠢᠯᠢᠳᠡᠭ ᠪᠦᠲᠦᠭᠡᠭᠳᠡᠬᠦᠨ ᠢ ᠲᠠᠨᠢᠯᠴᠠᠭᠤᠯᠤᠨ᠂ ᠦᠷᠭᠡᠨ ᠤᠯᠠᠨ ᠦᠵᠡᠭᠴᠢᠳ ᠲᠦ ᠲᠤᠬᠠᠢ ᠶᠢᠨ ᠭᠠᠵᠠᠷ ᠤᠨ ᠠᠵᠢᠯᠰᠠᠭ ᠴᠠᠶᠢᠯᠭᠠᠨ᠂ ᠰᠢᠳᠤᠷᠭᠤ ᠪᠤᠷᠤᠭᠵᠢᠭᠤᠨ ᠬᠦᠳᠡᠯᠮᠦᠷᠢᠴᠢᠨ ᠠᠷᠠᠳ ᠲᠦᠮᠡᠨ ᠢ ᠤᠯᠠᠮ ᠨᠢᠭᠡ ᠠᠯᠬᠤᠮ ᠤᠶᠢᠯᠠᠭᠠᠭᠤᠯᠵᠠᠢ᠃

    《ᠤᠮᠠᠷᠠᠲᠤ ᠸᠧᠢ ᠤᠯᠤᠰ ᠤᠨ ᠡᠷᠲᠡᠨ ᠤ ᠨᠡᠶᠢᠰᠯᠡᠯ》 ᠪᠤᠯᠬᠤ ᠬᠤᠷᠢᠨᠭᠡᠷ ᠰᠢᠶᠠᠨ ᠪᠤᠯ ᠮᠠᠨ ᠤ ᠤᠯᠤᠰ ᠤᠨ ᠴᠠᠨ᠎ᠠ ᠴᠡᠴᠡᠭ ᠤᠨ ᠡᠭᠦᠰᠦᠯ ᠭᠠᠷᠤᠯ  ᠤᠨ ᠨᠤᠲᠤᠭ ᠤᠨ ᠨᠢᠭᠡ᠂ ᠲᠤᠬᠠᠢ ᠶᠢᠨ ᠭᠠᠵᠠᠷ ᠤᠨ ᠴᠠᠨ᠎ᠠ ᠴᠡᠴᠡᠭ ᠲᠠᠷᠢᠭᠰᠠᠨ ᠲᠡᠦᠬᠡ ᠦᠨᠢ ᠤᠳᠠᠭᠠᠨ᠂ ᠤᠳᠤ ᠪᠤᠯᠬᠤ ᠳᠦ ᠮᠠᠨ ᠤ ᠤᠯᠤᠰ ᠤᠨ ᠭᠤᠷᠪᠠᠨ ᠤᠮᠠᠷᠠᠲᠤ ᠪᠦᠰᠡ ᠶᠢᠨ ᠬᠠᠮᠤᠭ ᠤᠨ ᠶᠡᠬᠡ ᠴᠠᠨ᠎ᠠ ᠴᠡᠴᠡᠭ ᠰᠤᠨᠢᠷᠬᠠᠬᠤ ᠰᠠᠭᠤᠷᠢᠨ ᠭᠠᠵᠠᠷ ᠪᠤᠯᠵᠠᠢ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120892595