蒙古文网站Logo
ᠰᠢᠨᠬᠤᠸᠠ ᠮᠤᠩᠭ᠋ᠤᠯ ᠨᠧᠲ

《ᠠᠨᠲᠠ》 ᠬᠠᠮᠲᠤᠯᠢᠭ  ᠦᠪᠦᠷ ᠮᠤᠩᠭ᠋ᠤᠯ ᠤᠨ ᠤᠷᠠᠯᠢᠭ ᠤᠨ ᠲᠡᠭᠡᠳᠦ ᠰᠤᠷᠭᠠᠭᠤᠯᠢ ᠳ᠋ᠤ ᠲᠠᠢᠢᠯᠠᠨ ᠲᠤᠭᠯᠠᠯᠲᠠ ᠭᠠᠷᠭᠠᠯ᠎ᠠ

2017-04-29 13:05

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 4 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠲᠡᠭᠡ (ᠦᠵᠡᠰᠭᠦᠯᠡᠩ) 4 ᠰᠠᠷ᠎ᠠ ᠶᠢᠨ 28 ᠤ ᠤᠷᠤᠢ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠠᠢᠢᠭᠤᠯᠤᠭᠲᠠᠭᠰᠠᠨ 70 ᠵᠢᠯ ᠤᠨ ᠤᠢ ᠵᠢᠴᠢ ᠦᠪᠦᠷ ᠮᠤᠩᠭ᠋ᠤᠯ ᠤᠨ ᠤᠷᠠᠯᠢᠭ ᠤᠨ ᠲᠡᠭᠡᠳᠦ ᠰᠤᠷᠭᠠᠭᠤᠯᠢ ᠪᠠᠢᠢᠭᠤᠯᠤᠭᠲᠠᠭᠰᠠᠨ ᠤ 60 ᠵᠢᠯ ᠤᠨ ᠤᠢ ᠳ᠋ᠤ ᠲᠤᠰᠬᠠᠢ ᠵᠤᠷᠢᠭᠤᠯᠤᠨ 《ᠠᠨᠲᠠ》 ᠬᠠᠮᠲᠤᠯᠢᠭ ᠦᠪᠦᠷ ᠮᠤᠩᠭ᠋ᠤᠯ ᠤᠨ ᠤᠷᠠᠯᠢᠭ ᠤᠨ ᠲᠡᠭᠡᠳᠦ ᠰᠤᠷᠭᠠᠭᠤᠯᠢ ᠳ᠋ᠤ ᠲᠠᠢᠢᠯᠠᠨ ᠲᠤᠭᠯᠠᠯᠲᠠ ᠭᠠᠷᠭᠠᠯ᠎ᠠ᠃

    ᠲᠠᠢᠢᠯᠠᠨ ᠲᠤᠭᠯᠠᠯᠲᠠ ᠶᠢᠨ ᠦᠶ᠎ ᠠ ᠪᠡᠷ 《ᠠᠨᠲᠠ》 ᠬᠠᠮᠲᠤᠯᠢᠭ ᠪᠠ ᠦᠪᠦᠷ ᠮᠤᠩᠭ᠋ᠤᠯ ᠤᠨ ᠤᠷᠠᠯᠢᠭ ᠤᠨ ᠲᠡᠭᠡᠳᠦ ᠰᠤᠷᠭᠠᠭᠤᠯᠢ ᠶᠢᠨ《ᠠᠨᠲᠠ ᠠᠩᠬᠢ》᠂ ᠬᠦᠯᠦᠨ ᠪᠤᠢᠢᠷ ᠠᠷᠠᠳ ᠤᠨ ᠲᠠᠭᠤᠤ ᠶᠢ ᠤᠯᠠᠮᠵᠢᠯᠠᠬᠤ ᠠᠩᠬᠢ ᠶᠢᠨ ᠤᠶᠤᠲᠠᠳ ᠡᠴᠡ 《 ᠨᠤᠲᠤᠭ》᠂《ᠲᠠᠭᠠᠷᠢᠯᠴᠠᠭ᠎ᠠ》᠂《ᠸᠠᠨ ᠯᠢ》᠂《ᠮᠢᠨᠦ ᠮᠤᠩᠭ᠋ᠤᠯ ᠨᠤᠲᠤᠭ》 ᠵᠡᠷᠭᠡ ᠤᠷᠠᠨ ᠪᠦᠲᠦᠭᠡᠯ ᠶᠢᠡᠨ ᠬᠠᠯᠠᠭᠤᠨ ᠰᠡᠳᠬᠢᠯᠲᠦ ᠦᠵᠡᠭᠴᠢᠳ ᠲᠡᠭᠡᠨ ᠲᠤᠯᠢᠯᠠᠭᠤᠯᠪᠠ᠃

    2001 ᠤᠨ ᠳ᠋ᠤ ᠪᠠᠢᠢᠭᠤᠯᠤᠭᠲᠠᠭᠰᠠᠨ《ᠠᠨᠲᠠ》ᠬᠠᠮᠲᠤᠯᠢᠭ ᠠᠷᠪᠠᠭᠠᠳ ᠵᠢᠯ ᠤᠨ ᠲᠤᠷᠰᠢᠲᠠ ᠤᠨᠤᠯ ᠦᠢᠯᠡᠳᠦᠯᠭᠡ ᠶᠢ ᠲᠠᠰᠤᠷᠠᠯᠲᠠ ᠦᠭᠡᠢ ᠤᠶᠠᠯᠲᠤᠭᠤᠯᠤᠨ ᠰᠤᠲᠤᠯᠵᠤ᠂ ᠮᠤᠩᠭ᠋ᠤᠯ ᠠᠷᠠᠳ ᠤᠨ ᠤᠯᠠᠮᠵᠢᠯᠠᠯᠲᠤ ᠢᠵᠠᠭᠤᠷ ᠤᠷᠠᠯᠢᠭ ᠪᠤᠯᠬᠤ ᠤᠷᠲᠤ ᠶᠢᠨ ᠲᠠᠭᠤᠤ᠂ ᠬᠦᠬᠡᠮᠡᠢ᠂ ᠮᠤᠷᠢᠨ ᠬᠤᠭᠤᠷ᠂ ᠲᠤᠪᠰᠢᠭᠤᠷ᠂ ᠪᠠᠭᠠᠲᠤᠷᠯᠢᠭ ᠲᠤᠤᠯᠢ᠂ ᠮᠤᠩᠭ᠋ᠤᠯ ᠦᠨᠳᠦᠰᠦᠲᠡᠨ ᠤ ᠤᠨᠴᠯᠠᠢᠭ ᠪᠦᠬᠦᠢ ᠬᠡᠩᠭᠡᠷᠭᠡ ᠪᠤᠯᠤᠨ ᠪᠤᠰᠤᠳ ᠲᠠᠭᠤᠤ ᠬᠦᠭ᠍ᠵᠢᠮ ᠢ ᠲᠡᠯᠡᠬᠡᠢᠢᠴᠢᠯᠡᠭᠰᠡᠨ᠂ ᠰᠢᠨ᠎ᠡ ᠤᠷᠤᠰᠬᠠᠯ ᠤᠨ ᠲᠠᠭᠤᠤ ᠬᠦᠭ᠍ᠵᠢᠮ ᠤᠨ ᠢᠯᠡᠳᠭᠡᠮᠵᠢ ᠶᠢᠨ ᠤᠨᠤᠯ ᠲᠠᠢ ᠤᠶᠠᠯᠲᠤᠭᠤᠯᠤᠨ᠂ ᠦᠪᠡᠷᠮᠢᠴᠡ ᠤᠨᠴᠠᠯᠢᠭ ᠲᠠᠢ ᠦᠨᠳᠦᠰᠦᠲᠡᠨ ᠤ ᠲᠠᠭᠤᠤ ᠬᠦᠭ᠍ᠵᠢᠮ ᠤᠨ ᠰᠢᠨ᠎ᠡ ᠲᠤᠭᠯᠠᠬᠤ ᠠᠷᠭ᠎ᠠ ᠬᠡᠯᠪᠡᠷᠢ ᠶᠢ ᠪᠤᠢ ᠪᠤᠯᠭᠠᠪᠠ᠃ ᠡᠲᠡᠭᠡᠷ ᠵᠢᠯ ᠤᠳ ᠲᠤ《ᠠᠨᠲᠠ》 ᠬᠠᠮᠲᠤᠯᠢᠭ ᠤᠯᠤᠰ ᠤᠨ ᠲᠤᠲᠤᠭᠠᠲᠤ ᠭᠠᠲᠠᠭᠠᠲᠤ ᠶᠢᠨ 30 ᠭᠠᠷᠤᠢ ᠤᠯᠤᠰ ᠤᠷᠤᠨ ᠶᠢᠡᠷ 600 ᠭᠠᠷᠤᠢ ᠤᠲᠠᠭᠠᠨ ᠤ ᠲᠤᠭᠯᠠᠯᠲᠠ ᠭᠠᠷᠭᠠᠵᠤ᠂ ᠲᠤᠬᠠᠢ ᠶᠢᠨ ᠤᠷᠤᠨ ᠤ ᠬᠦᠮᠦᠰ ᠤᠨ ᠰᠤᠨᠤᠷ ᠢ ᠮᠢᠯᠢᠶᠠᠨ᠂ ᠮᠤᠩᠭ᠋ᠤᠯ ᠠᠷᠠᠳ ᠤᠨ ᠤᠯᠠᠮᠵᠢᠯᠠᠯᠲᠤ ᠢᠵᠠᠭᠤᠷ ᠤᠷᠠᠯᠢᠭ ᠤᠨ ᠭᠠᠢᠢᠬᠠᠮᠰᠢᠭ ᠢ ᠲᠡᠯᠡᠬᠡᠢ ᠶᠢᠨ ᠲᠦᠮᠡᠨ ᠳ᠋ᠤ ᠲᠠᠨᠢᠯᠴᠠᠭᠤᠯᠬᠤ ᠪᠡᠷ ᠠᠵᠢᠯᠯᠠᠵᠤ ᠢᠷᠡᠵᠡᠢ᠃

    《ᠠᠨᠲᠠ》ᠬᠠᠮᠲᠤᠯᠢᠭ ᠤᠨ ᠤᠷᠠᠨ ᠪᠦᠲᠦᠭᠡᠯ ᠡᠴᠡ ᠮᠤᠩᠭ᠋ᠤᠯ ᠦᠨᠳᠦᠰᠦᠲᠡᠨ ᠤ ᠪᠠᠭᠠᠲᠤᠷᠯᠢᠬ ᠲᠤᠤᠯᠢ ᠶᠢᠨ ᠢᠲᠠ ᠬᠦᠴᠦᠨ᠂ ᠤᠷᠲᠤ ᠶᠢᠨ ᠲᠠᠭᠤᠨ ᠤ ᠰᠢᠷᠤᠩᠬᠠᠶᠢᠯᠠᠯ᠂ ᠮᠤᠷᠢᠨ ᠬᠤᠭᠤᠷ ᠤᠨ ᠢᠷᠡᠭᠤ ᠡᠭᠡᠰᠢᠭ᠌᠂ ᠬᠦᠬᠡᠮᠡᠢ ᠮᠤᠲᠤᠨ ᠴᠤᠭᠤᠷ ᠤᠨ ᠪᠤᠷᠤᠭᠵᠢᠭᠤᠨ ᠠᠶᠠᠯᠭᠤ ᠵᠢᠴᠢ ᠮᠤᠩᠭ᠋ᠤᠯ ᠠᠷᠠᠳ ᠤᠨ ᠪᠤᠭᠤᠨᠢ ᠲᠠᠭᠤᠨ ᠤ ᠴᠤᠪᠤᠭᠤ ᠲᠡᠭᠵᠢᠨ ᠢᠯᠡᠳᠭᠡᠮᠵᠢ ᠶᠢ ᠤᠢᠢᠯᠭᠠᠬᠤ ᠪᠡᠷ ᠬᠦᠮᠦᠰ ᠲᠤ ᠦᠪᠡᠷ ᠤᠨ ᠡᠷᠭᠡ ᠦᠭᠡᠢ ᠮᠤᠩᠭ᠋ᠤᠯ ᠨᠤᠲᠤᠭ ᠤᠨ ᠠᠭᠤᠯᠠ ᠤᠰᠤᠨ ᠤ ᠬᠢᠨᠢ ᠦᠵᠡᠰᠬᠦᠯᠡᠩ ᠰᠠᠢᠢᠬᠠᠨ᠂ ᠠᠷᠠᠳ ᠲᠦᠮᠡᠨ ᠤ ᠬᠢᠨᠢ ᠡᠭᠡᠯ ᠪᠤᠷᠤᠭᠵᠢᠭᠤᠨ᠂ ᠠᠵᠢᠯᠰᠠᠭ ᠬᠦᠲᠡᠯᠮᠦᠷᠢᠴᠢ᠂ ᠦᠭ᠍ᠬᠢᠶᠡᠮᠦᠷᠴᠢ᠂ ᠰᠤᠶᠤᠯ ᠪᠤᠯᠪᠠᠰᠤᠷᠠᠯ ᠲᠠᠢ ᠪᠠᠢᠢᠬᠤ ᠶᠢ ᠮᠡᠲᠡᠷᠡᠬᠦᠯᠲᠡᠭ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120895130