蒙古文网站Logo
ᠰᠢᠨᠬᠤᠸᠠ ᠮᠤᠩᠭ᠋ᠤᠯ ᠨᠧᠲ

《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠲᠠᠯᠠᠨ ᠵᠢᠯ ᠤᠨ ᠤᠢ》 ᠶ᠋ᠢᠨ ᠳᠤᠷᠠᠰᠬᠠᠯ ᠤᠨ ᠮᠠᠷᠺ ᠢ 5 ᠰᠠᠷ᠎ᠠ ᠶᠢᠨ 1 ᠤ ᠡᠳᠤᠷ  ᠲᠠᠷᠬᠠᠭᠠᠨ᠎ᠠ

2017-04-30 11:48

    ᠦᠨᠦ ᠵᠢᠯ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ ᠲᠤᠮᠳᠠᠳᠤ ᠤᠯᠤᠰ ᠤᠨ ᠰᠢᠤᠳᠠᠨ ᠤ ᠲᠤᠪᠴᠢᠶ᠎ᠠ 2017 ᠤᠨ ᠤ 5 ᠰᠠᠷ᠎ᠠ ᠶᠢᠨ 1 ᠤ ᠡᠳᠤᠷ 《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠲᠠᠯᠠᠨ ᠵᠢᠯ ᠤᠨ ᠤᠢ 》 ᠶ᠋ᠢᠨ ᠲᠤᠷᠠᠰᠬᠠᠯ ᠤᠨ ᠮᠠᠷᠺ  ᠲᠠᠷᠬᠠᠭᠠᠨ᠎ᠠ᠃ ᠲᠤᠷᠠᠰᠬᠠᠯ ᠤᠨ ᠮᠠᠷᠺ ᠨᠢ ᠨᠢᠬᠡ ᠢᠵᠢ ᠭᠤᠷᠪᠠᠨ ᠰᠢᠷᠭᠡᠭ᠌᠂ ᠡᠯᠪᠡᠯᠴᠡᠨ ᠲᠤᠰᠠᠯᠠᠯᠴᠠᠬᠤ᠂ ᠦᠵᠡᠰᠬᠦᠯᠡᠩᠳᠤ ᠤᠮᠠᠷᠠᠳᠤ ᠬᠢᠵᠠᠭᠠᠷ ᠂ ᠦᠨᠳᠦᠰᠦᠳᠡᠨ ᠤ ᠡᠶ᠎ᠡ ᠵᠤᠬᠢᠴᠠᠯ ᠬᠡᠬᠦ ᠠᠭᠤᠯᠭ᠎ᠠ ᠶᠢ ᠲᠤᠰ ᠲᠤᠰ ᠢᠯᠡᠳᠭᠡᠵᠡᠢ᠂ ᠦᠷᠳᠡᠭ᠌ ᠨᠢ 3.60 ᠲᠦᠭᠦᠷᠢᠭ᠌᠃

    ᠲᠤᠰ ᠲᠤᠷᠠᠰᠬᠠᠯ ᠤᠨ ᠮᠠᠷᠺ ᠢ ᠶᠢᠨ ᠬᠦᠢ ᠯᠢ᠂ ᠮᠦ ᠵᠢᠩ᠂ ᠬᠤ ᠶᠠᠩ ᠵᠢᠷᠤᠭᠯᠠᠨ ᠲᠦᠰᠦᠪᠯᠡᠵᠤ᠂ ᠪᠡᠭᠡᠵᠢᠩ ᠤᠨ ᠮᠠᠷᠺ ᠤᠨ ᠦᠢᠯᠡᠳᠪᠦᠷᠢ ᠬᠡᠷᠡᠯ ᠵᠢᠷᠤᠭ ᠤᠨ ᠪᠡᠷ᠎ ᠢᠶᠡᠷ ᠬᠡᠪᠯᠡᠭᠰᠡᠨ ᠪᠠᠶᠢᠨ᠎ᠠ᠃

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ 1947 ᠤᠨ ᠤ 5 ᠰᠠᠷ᠎ᠠ ᠶᠢᠨ 1 ᠤ ᠡᠳᠤᠷ ᠪᠠᠶᠢᠭᠤᠯᠤᠭᠳᠠᠭᠰᠠᠨ ᠶᠤᠮ᠃ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠡᠷ ᠪᠠᠶᠢᠭᠤᠯᠤᠭᠳᠠᠭᠰᠠᠨ ᠠᠩᠬᠠᠨ ᠤ ᠮᠤᠵᠢ ᠶᠢᠨ ᠵᠡᠷᠬᠡᠯᠡᠯ ᠤᠨ ᠴᠦᠬᠡᠨ ᠲᠤᠭᠠᠳᠤ ᠦᠨᠳᠦᠰᠦᠳᠡᠨ ᠤ ᠦᠪᠡᠷᠳᠡᠬᠡᠨ ᠵᠠᠰᠠᠬᠤ ᠤᠷᠤᠨ ᠪᠤᠯᠬᠤ ᠪᠦᠭᠡᠳ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠲᠦᠷᠢᠮ  ᠤᠨ ᠡᠬᠢᠯᠡᠯ ᠪᠤᠯᠤᠬᠰᠠᠨ ᠪᠠᠶᠢᠨ᠎ᠠ᠃ ᠲᠠᠯᠠᠨ ᠵᠢᠯ ᠤᠨ ᠲᠤᠷᠰᠢ᠂ ᠨᠠᠮ ᠤᠨ ᠲᠦᠪ ᠬᠤᠷᠢᠶᠠᠨ ᠤ ᠤᠳᠤᠷᠢᠳᠤᠯᠭ᠎ᠠ ᠲᠤᠤᠷ᠎ᠠ᠂ ᠨᠠᠮ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ᠂ ᠤᠷᠤᠨ ᠲᠠᠶᠠᠭᠠᠷ ᠤᠨ ᠡᠯ᠎ᠡ ᠦᠨᠳᠦᠰᠦᠳᠡᠨ ᠪᠦᠯᠬᠦᠳᠡᠨ ᠤᠷᠤᠭᠰᠢᠯᠠᠵᠤ᠂ ᠰᠢᠷᠭᠠᠭᠤ ᠲᠡᠮᠡᠴᠡᠨ ᠰᠢᠮᠳᠠᠨ ᠠᠵᠢᠯᠯᠠᠵᠤ᠂ ᠬᠤᠪᠢᠰᠬᠠᠯ᠂ ᠪᠦᠲᠦᠬᠡᠨ ᠪᠠᠶᠢᠭᠤᠯᠤᠯᠳᠠ ᠪᠤᠯᠤᠨ ᠦᠬᠡᠷᠡᠴᠢᠯᠡᠯᠳᠡ ᠳᠤ ᠪᠠᠨ ᠬᠢᠯᠠᠯᠵᠠᠭᠰᠠᠨ ᠠᠮᠵᠢᠯᠳᠡ ᠤᠯᠵᠤ᠂ ᠦᠬᠡᠷᠡᠴᠢᠯᠡᠯᠳᠡ ᠨᠡᠬᠡᠬᠡᠯᠳᠡ ᠪᠤᠯᠤᠨ ᠤᠳᠤᠬᠢᠴᠢᠯᠠᠯᠳᠠ ᠶᠢᠨ ᠪᠦᠲᠦᠬᠡᠨ ᠪᠠᠶᠢᠭᠤᠯᠤᠳᠠ ᠶᠢᠨ ᠰᠢᠨ᠎ᠡ ᠲᠦᠷᠬᠦ ᠶᠢ ᠪᠦᠲᠦᠬᠡᠭ᠍ᠰᠡᠨ ᠪᠠᠶᠢᠨ᠎ᠠ᠃ ᠤᠳᠤ ᠦᠪᠦᠷ ᠮᠤᠩᠭ᠋ᠤᠯ ᠤᠨ ᠲᠠᠯ᠎ᠠ ᠨᠤᠳᠤᠭ ᠲᠤ ᠠᠵᠤ ᠠᠬᠤᠢ ᠬᠦᠭ᠍ᠵᠢᠭᠰᠡᠨ᠂ ᠦᠨᠳᠦᠰᠦᠳᠡᠨ ᠨᠤᠬᠦᠳ ᠪᠦᠯᠬᠦᠮᠳᠡᠭᠰᠡᠨ᠂ ᠰᠤᠶᠤᠯ ᠪᠠᠳᠠᠷᠠᠨ ᠴᠡᠴᠡᠭᠯᠡᠭᠰᠡᠨ᠂ ᠬᠢᠯᠢ ᠬᠢᠵᠠᠭᠠᠷ ᠲᠤᠭᠳᠠᠭᠤᠨ ᠲᠠᠶᠢᠪᠤᠩ᠂ ᠪᠠᠶᠢᠭᠠᠯᠢ ᠠᠬᠤᠢ ᠰᠡᠷᠬᠦᠨ ᠲᠦᠯᠵᠢᠭᠰᠡᠨ ᠰᠠᠶᠢᠬᠠᠨ ᠤᠷᠴᠢᠨ ᠳᠤ ᠠᠷᠠᠳ ᠲᠦᠮᠡᠨ ᠠᠵᠠ ᠵᠢᠷᠭᠠᠯ ᠲᠠᠢ ᠠᠮᠢᠳᠤᠷᠠᠵᠤ ᠪᠠᠶᠢᠨ᠎ᠠ᠃

ᠢᠷᠡᠯᠳᠡ᠄ ᠴᠢ ᠯᠦ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691120897597