蒙古文网站Logo
ᠰᠢᠨᠬᠤᠸᠠ ᠮᠤᠩᠭ᠋ᠤᠯ ᠨᠧᠲ

ᠰᠤᠷᠤᠭᠴᠢᠳ ᠰᠢᠨᠵᠢᠯᠡᠬᠦ ᠤᠬᠠᠭᠠᠨ ᠳᠡᠯᠭᠡᠷᠡᠭᠦᠯᠬᠦ ᠤᠷᠳᠤᠨ ᠳᠤ ᠭᠠᠵᠠᠷ ᠬᠦᠲᠡᠯᠦᠯᠲᠡ ᠶᠢᠨ ᠮᠡᠳᠡᠯᠭᠡ ᠶᠢ ᠰᠤᠷᠪᠠ

2017-05-11 17:26

5 ᠰᠠᠷ᠎ᠠ ᠶᠢᠨ 10 ᠤ ᠡᠳᠦᠷ ᠦᠪᠦᠷ ᠮᠣᠩᠭᠣᠯ ᠤᠨ ᠬᠦᠬᠡᠬᠤᠲᠠ ᠶᠢᠨ ᠢᠦᠢᠢᠴᠢᠤᠸᠠᠨ ᠲᠤᠭᠤᠷᠢᠭ ᠤᠨ ᠲᠦ᠋ᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠭᠠᠵᠠᠷ ᠬᠦᠳᠡᠯᠦᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠡᠭᠦᠯᠬᠦ ᠤᠷᠳᠤᠨ ᠳᠤ《 ᠭᠠᠵᠠᠷ ᠬᠦᠳᠡᠯᠦᠯᠲᠡ ᠶᠢᠨ ᠦᠷᠦᠭᠡ》 ᠶᠢ ᠤᠢᠢᠯᠠᠭᠠᠵᠦ ᠪᠠᠶᠢᠭ᠎ᠠ ᠨᠢ

    5 ᠰᠠᠷ᠎ᠠ ᠶᠢᠨ 10 ᠤ ᠡᠳᠦᠷ᠂ ᠬᠦᠬᠡᠬᠤᠲᠠ ᠶᠢᠨ ᠢᠦᠢᠢᠴᠢᠤᠸᠠᠨ ᠲᠤᠭᠤᠷᠢᠭ ᠤᠨ ᠲᠦ᠋ᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤᠰ ᠲᠤᠭᠤᠷᠢᠭ ᠤᠨ ᠭᠠᠵᠠᠷ ᠬᠦᠲᠡᠯᠦᠯᠲᠡ ᠶᠢᠨ ᠰᠢᠨᠵᠢᠯᠡᠬᠦ ᠤᠬᠠᠭᠠᠨ ᠲᠦᠭᠡᠮᠡᠯᠵᠡᠭᠦᠯᠬᠦ ᠤᠷᠳᠤᠨ ᠳᠤ ᠤᠷᠤᠵᠤ᠂ ᠦᠵᠡᠮᠤᠷᠢ ᠶᠢᠨ ᠪᠤᠳᠠᠰ᠂ ᠦᠵᠡᠮᠦᠷᠢ ᠶᠢᠨ ᠰᠠᠮᠪᠠᠷ᠎ᠠ᠂ ᠮᠦᠯᠲᠢᠮᠸᠳ᠋ᠢᠶᠠ᠂ ᠲᠠᠭᠤᠷᠢᠶᠠᠮᠠᠯ ᠦᠵᠡᠭᠳᠡᠯ ᠵᠡᠷᠭᠡ ᠶᠢ ᠦᠢᠯᠡᠭᠠᠵᠤ ᠦᠵᠡᠬᠦ ᠪᠡᠷ ᠳᠠᠮᠵᠢᠨ ᠭᠠᠵᠠᠷ ᠬᠦᠳᠡᠯᠦᠯᠲᠡ ᠶᠢᠨ ᠬᠠᠮᠢᠶ᠎᠎ᠠ ᠪᠦᠬᠦᠢ ᠮᠡᠳᠡᠭᠡ ᠶᠢ ᠤᠶᠢᠯᠠᠭᠠᠵᠤ᠂ ᠦᠪᠡᠷ ᠢ ᠪᠡᠨ ᠠᠪᠤᠷᠠᠬᠤ ᠪᠤᠰᠤᠳ ᠢ ᠠᠪᠤᠷᠠᠬᠤ ᠲᠡᠮ ᠢ ᠰᠤᠷᠤᠯᠴᠠᠨ᠂ ᠪᠠᠴᠢᠮ ᠭᠠᠵᠠᠷ ᠬᠦᠳᠡᠯᠦᠯᠲᠡ ᠡᠴᠡ ᠵᠠᠶᠢᠯᠠᠬᠤ ᠴᠢᠳᠠᠪᠤᠷᠢ ᠶᠢ ᠳᠡᠭᠡᠭ᠍ᠰᠢᠯᠡᠭᠦᠯᠦᠨ 5 ᠰᠠᠷ᠎ᠠ ᠶᠢᠨ 12 ᠤᠨ ᠡᠳᠦᠷ ᠲᠤᠬᠢᠶᠠᠬᠤ ᠶᠢᠰᠦᠳᠡᠬᠢ ᠤᠯᠤᠰ ᠳᠠᠶᠠᠭᠠᠷ ᠤᠨ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠡᠳᠦᠷ ᠢ ᠤᠭᠲᠤᠪᠠ᠃

 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120957456