蒙古文网站Logo
ᠰᠢᠨᠬᠤᠸᠠ ᠮᠤᠩᠭ᠋ᠤᠯ ᠨᠧᠲ

ᠤᠷᠤᠨ ᠲᠠᠶᠠᠭᠠᠷ ᠤᠨ ᠤᠶᠤᠲᠠᠳ ᠤᠨ ᠭᠤᠷᠪᠠᠲᠡᠬᠢ ᠡᠭᠡᠯᠵᠢ ᠶᠢᠨ《ᠵᠠᠯᠠᠭᠤᠴᠤᠳ ᠬᠤᠨᠲᠠᠭᠠᠲᠤ》ᠨᠠᠶᠢᠷᠠᠭᠤᠯᠤᠯ ᠤᠨ ᠤᠷᠤᠯᠲᠤᠭᠠᠨ ᠤ ᠱᠠᠩᠨᠠᠯ ᠤᠯᠭᠤᠬᠤ ᠦᠲᠡᠰᠢᠯᠡᠭᠡ ᠪᠤᠯᠵᠤ ᠦᠩᠭᠡᠷᠡᠪᠡ

2017-05-15 17:27

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 5 ᠰᠠᠷ᠎ᠠ ᠶᠢᠨ 15 ᠤ ᠡᠲᠦᠷ ᠤᠨ ᠴᠠᠬᠢᠯᠭᠠᠨ ᠮᠡᠲᠡᠭᠡ (ᠦᠵᠡᠰᠭᠦᠯᠡᠩ) 14 ᠤ ᠤᠷᠤᠢ᠂ ᠤᠷᠤᠨ ᠲᠠᠶᠠᠭᠠᠷ ᠤᠨ ᠭᠤᠷᠪᠠᠳᠡᠬᠢ ᠡᠭᠡᠯᠵᠢ ᠶᠢᠨ《ᠵᠠᠯᠠᠭᠤᠴᠤᠳ ᠬᠤᠨᠲᠠᠭᠠᠲᠤ》ᠨᠠᠶᠢᠷᠠᠭᠤᠯᠤᠯ ᠤᠨ ᠤᠷᠤᠯᠲᠤᠭᠠᠨ ᠤ ᠱᠠᠩᠨᠠᠯ ᠤᠯᠭᠤᠬᠤ ᠦᠲᠡᠰᠢᠯᠡᠭᠡ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠱᠸᠩ ᠯᠸ ᠲᠤᠭᠤᠷᠢᠭ ᠲᠤ ᠪᠤᠯᠵᠤ ᠦᠩᠭᠡᠷᠡᠪᠡ᠃

    ᠤᠷᠤᠯᠲᠤᠭᠠᠨ ᠳ᠋ᠤ ᠤᠯᠤᠰ ᠲᠠᠶᠠᠭᠠᠷ ᠤᠨ ᠨᠠᠶ᠋ᠮᠠᠨ ᠮᠤᠵᠢ ᠤᠷᠤᠨ ᠤ 36 ᠪᠦᠲᠦᠭᠡᠯ ᠤᠷᠤᠯᠴᠠᠵᠤ᠂ ᠰᠢᠬᠦᠭ᠍ᠴᠢᠳ ᠤᠨ ᠲᠦᠪ ᠭᠤᠤᠯᠴᠢ᠂ ᠢᠯᠡ ᠲᠤᠲᠤ᠂ ᠡᠷᠬᠡ ᠲᠡᠭ᠍ᠰᠢ ᠤᠨᠤᠭ᠎ᠠ ᠦᠭ᠍ᠬᠦᠯᠲᠡ ᠪᠡᠷ ᠲᠡᠷᠢᠬᠦᠨ ᠪᠠᠶᠢᠷᠢᠨ ᠳ᠋ᠤ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠡᠭᠦᠯᠡ ᠶᠢᠨ《ᠰᠡᠬᠦᠲᠡᠷ ᠲᠠᠷᠢᠬᠰᠠᠨ ᠦᠬᠢᠨ》᠂ ᠲᠡᠳ᠋ ᠪᠠᠶᠢᠷᠢᠨ ᠳ᠋ᠤ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠳ᠋ᠦᠩᠵᠢᠨᠭᠠᠷᠪᠤ ᠶᠢᠨ《ᠴᠢᠯᠠᠭᠤᠨ ᠤ ᠲᠤᠬᠠᠢ ᠬᠦᠦᠷᠨᠢᠯ》᠂ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠠᠯᠲᠠᠨᠴᠡᠴᠡᠭ ᠤᠨ《ᠵᠤᠷᠢᠵᠤ ᠤᠷᠭᠤᠭᠰᠠᠨ ᠡᠪᠡᠰᠦ》᠂ ᠭᠤᠷᠪᠠᠲᠤᠭᠠᠷ ᠪᠠᠶᠢᠷᠢᠨ ᠳ᠋ᠤ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠡᠩᠬᠡᠭᠤᠤ᠎ᠠ ᠶᠢᠨ 《ᠠᠷᠭᠠᠯ》᠂ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠤᠷᠢᠶᠠᠩᠬᠠᠢ ᠰᠠᠶᠢᠨᠵᠠᠶᠠᠭ᠎ᠠ ᠶᠢᠨ 《ᠡᠪᠡᠰᠦᠨ ᠤ ᠲᠦᠷᠪᠡᠨ ᠦᠩᠭᠡ》᠂ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠨᠤᠭᠤᠨᠳᠡᠬᠦᠲᠦ ᠶᠢᠨ《ᠬᠤᠷᠢᠨ ᠨᠠᠰᠤᠨ ᠳ᠋ᠠᠭᠠᠨ》᠂ ᠰᠢᠯᠢᠲᠡᠭ ᠪᠠᠶᠢᠷᠢᠨ ᠳ᠋ᠤ ᠪᠠᠷᠠᠭᠤᠨ ᠬᠤᠶᠢᠲᠤ ᠶᠢᠨ ᠦᠨᠳᠦᠰᠦᠲᠡᠨ ᠤ ᠶᠡᠬᠡ ᠰᠤᠷᠭᠠᠭᠤᠯᠢ ᠶᠢᠨ ᠦᠨᠡᠨᠴᠢᠬᠦᠦ ᠶᠢᠨ《ᠨᠤᠮ ᠤᠨ ᠬᠤᠷᠤᠬᠠᠢ》᠂ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠬᠠᠰᠭᠡᠷᠡᠯ ᠤᠨ《ᠡᠵᠢ ᠶᠢᠨ ᠲᠡᠦᠬᠡ》᠂ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠰᠠᠷᠠᠩᠭ᠋ᠤᠤ᠎ᠠ ᠶᠢᠨ 《ᠢᠷᠡᠭᠡᠲᠦᠢ ᠠᠨᠢᠷᠲᠤᠬᠤ ᠶᠢᠨ ᠴᠢᠮᠡᠭᠡ》ᠲᠤᠰ ᠲᠤᠰ ᠲᠤᠲᠤᠷᠠᠪᠠ᠃

    ᠤᠷᠤᠨ ᠲᠠᠶᠠᠭᠠᠷ ᠤᠨ ᠤᠶᠤᠲᠠᠳ ᠤᠨ ᠭᠤᠷᠪᠠᠲᠡᠬᠢ ᠡᠭᠡᠯᠵᠢ ᠶᠢᠨ《ᠵᠠᠯᠠᠭᠤᠴᠤᠳ ᠬᠤᠨᠲᠠᠭᠠᠲᠤ》ᠨᠠᠶᠢᠷᠠᠭᠤᠯᠤᠯ ᠤᠨ ᠤᠷᠤᠯᠲᠤᠭᠠᠨ ᠢ ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠤᠨ ᠰᠡᠳᠬᠦᠯ ᠤᠨ ᠬᠤᠷᠢᠶ᠎ᠠ᠂ ᠦᠪᠦᠷ ᠮᠤᠩᠭ᠋ᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠡᠪᠯᠡᠯ ᠤᠨ ᠬᠤᠷᠢᠶ᠎ᠠ ᠡᠴᠡ ᠰᠠᠨᠠᠭᠠᠴᠢᠯᠠᠵᠤ᠂ 《ᠦᠪᠦᠷ ᠮᠤᠩᠭ᠋ᠤᠯ ᠤᠨ ᠵᠠᠯᠠᠭᠤᠴᠤᠳ》ᠰᠡᠳᠬᠦᠯ ᠤᠨ ᠨᠠᠶᠢᠷᠠᠭᠤᠯᠬᠤ ᠬᠡᠯᠲᠡᠰ᠂ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ 《ᠲᠠᠯ᠎ᠠ ᠶᠢᠨ ᠪᠦᠷᠬᠦᠳ 》ᠦᠨᠳᠦᠰᠦᠲᠡᠨ ᠤ ᠲᠡᠦᠬᠡ ᠰᠤᠶᠤᠯ ᠤᠨ ᠨᠡᠶᠢᠭᠡᠮᠯᠢᠭ᠌ ᠵᠤᠬᠢᠶᠠᠨ ᠪᠠᠶᠢᠭᠤᠯᠪᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120975881