蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤ ᠬᠤᠪᠢᠰᠬᠠᠯ ᠤᠨ ᠰᠤᠶᠤᠯ ᠲᠡᠥᠬᠡ ᠶ᠋ᠢᠨ ᠦᠵᠡᠰᠭᠦᠯᠡᠩ ᠡᠷᠭᠢᠯᠡᠪᠡ

2017-05-16 18:18

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ‍ᠤᠨ ᠤᠢ ᠶᠢ ᠪᠡᠯᠭᠡᠯᠡᠵᠦ᠂ ᠤᠯᠠᠨ ᠲᠦᠮᠡᠨ ᠳ᠋ᠤ ᠡᠬᠡ ᠤᠷᠤᠨᠴᠢ ᠦᠵᠡᠯ ‍ᠤᠨ ᠬᠦᠮᠦᠵᠢᠯ ᠬᠦᠷᠳᠡᠬᠡᠬᠦ᠂ ᠬᠤᠪᠢᠰᠬᠠᠯᠴᠢᠳ ‍ᠤᠨ ᠪᠠᠭᠠᠳᠤᠷᠯᠢᠭ ᠵᠤᠷᠢᠭ ᠰᠠᠨᠠᠭ᠎ᠠ ᠶ᠋ᠢ ᠤᠬᠠᠭᠤᠯᠤᠨ᠂ ᠺᠠᠳ᠋ᠷ ᠠᠵᠢᠯᠳᠠᠳ ‍ᠤᠨ ᠤᠷᠮ᠎ᠠ ᠵᠤᠷᠢᠭ ‍ᠢ ᠨᠢ ᠡᠷᠴᠢᠯᠡᠬᠦ ᠵᠤᠷᠢᠯᠭ᠎ᠠ ᠪᠡᠷ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤ ᠤᠢᠢᠷ᠎ᠠ ᠳ᠋ᠦ ᠬᠤᠪᠢᠰᠬᠠᠯ ‍ᠤᠨ ᠰᠤᠶᠤᠯ ᠲᠡᠦᠭᠡ ᠶᠢᠨ ᠦᠵᠡᠰᠬᠦᠯᠡᠩ ᠵᠤᠬᠢᠶᠠᠨ ᠪᠠᠶᠢᠭᠤᠯᠪᠠ᠃

    ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠡᠴᠡ ᠡᠬᠡ ᠤᠯᠤᠰ ᠤᠨ ᠴᠢᠯᠦᠭᠡᠯᠡᠯᠳᠡ ᠪᠤᠯᠤᠨ ᠦᠪᠦᠷ ᠮᠤᠩᠭ᠋ᠤᠯ ‍ᠤᠨ ᠴᠢᠯᠦᠭᠡᠯᠡᠯᠳᠡ ᠳ᠋ᠦ ᠵᠢᠳᠬᠦᠭ᠍ᠰᠡᠨ ᠬᠠᠹᠤᠩᠬ᠎ᠠ᠂ ᠠᠰᠬᠠᠨ᠂ ᠪᠠᠶᠠᠨᠪᠤᠯᠠᠭ᠂ ᠺᠦᠩ ᠹᠸᠢ᠂ ᠸᠠᠩ ᠽᠠᠢ ᠲᠢᠶᠠᠨ ᠵᠡᠷᠭᠡ ᠨᠢᠬᠡ ᠪᠦᠯᠦᠭ ᠰᠢᠯᠭᠠᠷᠠᠬᠰᠠᠨ ᠬᠤᠪᠢᠰᠬᠠᠯᠴᠢᠳ ᠴᠤᠯᠭᠤᠷᠠᠨ ᠭᠠᠷᠴᠠᠢ᠃ ᠦᠵᠡᠰᠭᠦᠯᠡᠩ ᠳ᠋ᠦ ᠲᠡᠳᠡᠭᠡᠷ ᠲᠡᠥᠬᠡᠳᠦ ᠬᠦᠮᠦᠰ ᠪᠠ ᠲᠡᠳᠡᠨ ᠤ ᠲᠡᠥᠬᠡᠨ ᠦᠢᠯᠡ ᠶᠠᠪᠤᠳᠠᠯ ᠤᠨ ᠲᠤᠳᠤᠷᠬᠠᠢ ᠲᠡᠮᠳᠡᠭᠯᠡᠬᠡᠰᠦ ᠪᠤᠶᠤ ᠨᠤᠮ ᠪᠢᠴᠢᠭ᠌ ᠬᠡᠷᠡᠯ ᠵᠢᠷᠤᠭ ᠢ ᠲᠡᠯᠬᠡᠨ ᠦᠵᠡᠭᠦᠯᠦᠭᠰᠡᠨ ᠪᠠᠶᠢᠨ᠎ᠠ ᠃

    ᠦᠵᠡᠰᠭᠦᠯᠡᠩ ᠳ᠋ᠦ ᠪᠠᠰᠠ ᠠᠷᠠᠳ ᠤᠨ ᠲᠤᠮᠳᠠ ᠡᠴᠡ ᠴᠤᠭᠯᠠᠭᠤᠯᠤᠭᠰᠠᠨ ᠪᠤᠶᠤ ᠬᠤᠪᠢᠰᠬᠠᠯᠴᠢᠳ ‍ᠤᠨ ᠬᠤᠶᠢᠴᠢᠰ ᠤᠨ ᠬᠢᠨᠢ ᠬᠦᠷᠬᠡᠨ ᠪᠡᠯᠡᠭᠯᠡᠭᠰᠡᠨ ᠬᠤᠪᠢᠰᠬᠠᠯᠴᠢᠳ ‍ᠤᠨ ᠬᠡᠷᠡᠭᠯᠡᠵᠦ ᠪᠠᠶᠢᠭᠰᠠᠨ ᠡᠳ᠋ᠯᠡᠯ ᠬᠡᠷᠡᠭᠰᠡᠯ ᠪᠤᠯᠤᠨ ᠬᠤᠪᠴᠠᠰᠤ ᠬᠤᠨᠠᠷ ᠵᠡᠷᠬᠡ100 ᠭᠠᠷᠤᠢ ᠪᠤᠳᠠᠰ ‍ᠢ ᠲᠡᠯᠭᠡᠨ ᠦᠵᠡᠬᠦᠯᠵᠡᠢ᠃

    ᠲᠤᠰ ᠤᠳᠠᠭᠠᠨ ᠤ ᠠᠵᠢᠯᠯᠠᠭ᠎ᠠ ᠶᠢ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠴᠠ ᠭᠤᠤᠯᠯᠠᠨ ᠡᠷᠬᠢᠯᠡᠪᠡ᠃ (ᠢᠷᠡᠯᠳᠡ᠄ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠤ ᠰᠤᠶᠤᠯ ᠷᠠᠳᠢᠣ᠋ ᠺᠢᠨᠣ᠋ ᠲᠸᠯᠸᠢᠰ ᠲᠤᠪᠴᠢᠶ᠎ᠠ)

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120691120982829