ᠵᠠᠯᠠᠭᠤᠴᠤᠳ ᠪᠠᠭᠠᠴᠤᠳ ᠤᠨ ᠰᠡᠳᠬᠢᠯ ᠤᠨ ᠬᠠᠨᠢ ᠰᠠᠨᠠᠭᠠᠨ ᠤ ᠲᠦᠰᠢᠭ ᠪᠤᠯᠤᠭᠰᠠᠨ 《 ᠦᠪᠦᠷ ᠮᠤᠩᠭ᠋ᠤᠯ ᠤᠨ ᠵᠠᠯᠠᠭᠤᠴᠤᠳ》《ᠴᠤᠮᠤᠷᠯᠢᠭ》ᠰᠡᠳᠬᠦᠯ 2017-05-18 10:53

              -- ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶ᠎ᠠ ᠶᠢ ᠲᠡᠮᠲᠡᠭᠯᠡᠪᠡ

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 5 ᠰᠠᠷ᠎ᠠ ᠶᠢᠨ 18 ᠤ᠋ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ᠂ ᠬᠡᠦᠬᠡᠨᠰᠤᠯᠢ ) ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶ᠎ᠠ ᠡᠴᠡ ᠡᠷᠬᠢᠯᠡᠵᠦ ᠪᠠᠶᠢᠭ᠎ᠠ 《ᠦᠪᠦᠷ ᠮᠤᠩᠭ᠋ᠤᠯ ᠤᠨ ᠵᠠᠯᠠᠭᠤᠴᠤᠳ》᠂《ᠴᠤᠮᠤᠷᠯᠢᠭ》ᠬᠤᠶᠠᠷ ᠰᠡᠳᠬᠦᠯ ᠬᠡᠪᠯᠡᠯ ᠡᠬᠢᠯᠡᠭᠰᠡᠨ ᠡᠴᠡ ᠨᠠᠭᠠᠰᠢᠬᠢ ᠵᠢᠷᠠ ᠭᠠᠷᠤᠢ ᠵᠢᠯ ᠤᠨ ᠲᠤᠷᠰᠢᠲᠠ ᠨᠠᠮ ᠵᠠᠰᠠᠭ ᠤᠨ ᠬᠠᠯᠠᠭᠤᠨ ᠬᠠᠶᠢᠷ᠎ᠠ ᠢᠪᠡᠭᠡᠯ ᠢ ᠲᠠᠰᠤᠷᠠᠯᠲᠠ ᠦᠭᠡᠢ ᠬᠦᠷᠲᠡᠵᠦ᠂ ᠵᠤᠬᠢᠶᠠᠯ ᠤᠨ ᠠᠭᠤᠯᠭ᠎ᠠ᠂ ᠴᠢᠨᠠᠷ ᠴᠢᠨᠰᠠᠭ᠎ᠠ᠂ ᠰᠡᠳᠬᠦᠯ ᠤᠨ ᠲᠦᠷᠢ ᠲᠦᠷᠬᠦ᠂ ᠬᠠᠪᠢᠰᠤ ᠤᠷᠠᠯᠠᠯ ᠤᠯᠠᠮ ᠴᠢᠨᠠᠷᠵᠢᠭᠤᠨ ᠭᠤᠶᠤ ᠪᠤᠯᠵᠤ᠂ ᠵᠯᠠᠭᠤᠴᠤᠳ ᠪᠠᠭᠠᠴᠤᠳ ᠤᠨ ᠰᠡᠳᠬᠢᠯ ᠤᠨ ᠬᠢᠨᠢ ᠬᠠᠨᠢ ᠰᠠᠨᠠᠭᠠᠨ ᠤ ᠲᠦᠰᠢᠭ ᠪᠤᠯᠤᠭᠰᠠᠭᠠᠷ ᠢᠷᠡᠪᠡ᠃ ᠡᠲᠡᠭᠡᠷ ᠵᠢᠯ ᠤᠳ ᠲᠤ ᠨᠠᠮ ᠵᠠᠰᠠᠭ ᠤᠨ ᠱᠤᠭᠤᠮ᠂ ᠴᠢᠭᠯᠡᠯᠲᠡ᠂ ᠲᠦᠷᠦ ᠶᠢᠨ ᠪᠤᠲᠤᠯᠭ᠎ᠠ ᠶᠢ ᠦᠶ᠎ᠠ ᠦᠶ᠎ᠠ ᠶᠢᠨ ᠤᠩᠰᠢᠭᠴᠢᠳ ᠲᠤ ᠤᠬᠠᠭᠤᠯᠤᠨ ᠮᠡᠲᠡᠬᠦᠯᠵᠦ᠂ ᠬᠦᠲᠦᠯᠦᠨ ᠲᠠᠭᠠᠭᠤᠯᠵᠤ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ 70 ᠵᠢᠯ ᠤᠨ ᠲᠤᠷᠰᠢᠬᠢ ᠨᠡᠶᠢᠭᠡᠮ ᠠᠬᠤᠢ᠂ ᠡᠳ᠋ ᠤᠨ ᠵᠠᠰᠠᠭ᠂ ᠰᠤᠶᠤᠯ ᠪᠤᠯᠪᠠᠰᠤᠨ ᠤ ᠬᠦᠭ᠍ᠵᠢᠯᠲᠠ ᠬᠤᠪᠢᠷᠠᠯᠲᠠ ᠶᠢ ᠵᠢᠷᠤᠭᠯᠠᠨ ᠲᠡᠮᠲᠡᠭᠯᠡᠭᠰᠡᠭᠡᠷ ᠢᠷᠡᠵᠡᠢ᠃

    ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶ᠎ᠠ ᠪᠤᠯ ᠡᠪ ᠬᠠᠮᠲᠤ ᠵᠠᠯᠠᠭᠤᠴᠤᠳ ᠤᠨ ᠡᠪᠯᠡᠯ ᠤᠨ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠬᠤᠷᠢᠶᠠᠨ ᠳ᠋ᠤ ᠬᠠᠷᠢᠶᠠᠯᠠᠭᠲᠠᠬᠤ ᠪᠠᠶᠢᠭᠤᠯᠤᠯᠭ᠎ᠠ ᠪᠤᠯᠤᠨ᠎ᠠ᠃ ᠤᠲᠤᠬᠠᠨ ᠳ᠋ᠠᠭᠠᠨ 《ᠦᠪᠦᠷ ᠮᠤᠩᠭ᠋ᠤᠯ ᠤᠨ ᠵᠠᠯᠠᠭᠤᠴᠤᠳ》ᠰᠡᠳᠬᠦᠯ᠂ 《ᠴᠤᠮᠤᠷᠯᠢᠭ》ᠰᠡᠳᠬᠦᠯ (ᠪᠠᠭ᠎ᠠ ᠰᠤᠷᠭᠠᠭᠤᠯᠢ ᠶᠢᠨ ᠬᠡᠪᠯᠡᠯ᠂ ᠠᠩᠬ᠎ᠠ ᠲᠤᠮᠲᠠᠲᠤ ᠶᠢᠨ ᠬᠡᠪᠯᠡᠯ)᠂ ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠬᠡᠪᠯᠡᠯ ᠤᠨ ᠬᠤᠷᠢᠶᠠᠨ ᠤ ᠠᠯᠪᠠᠨ ᠰᠦᠯᠵᠢᠶ᠎ᠠ᠂ ᠠᠯᠪᠠᠨ ᠸᠢᠴᠠᠲ ᠢ ᠠᠵᠢᠯᠯᠠᠭᠤᠯᠵᠤ ᠪᠠᠶᠢᠨ᠎ᠠ᠃

    ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶᠠᠨ ᠤ ᠲᠡᠦᠬᠡ ᠶᠢ ᠰᠡᠬᠦᠵᠦ ᠦᠵᠡᠪᠡᠯ ᠦᠪᠦᠷ ᠮᠤᠩᠭ᠋ᠤᠯ ᠤᠨ ᠵᠠᠯᠠᠭᠤᠴᠤᠳ ᠤᠨ ᠬᠦᠲᠡᠯᠭᠡᠭᠡᠨ ᠲᠠᠢ ᠰᠠᠯᠵᠤ ᠪᠤᠯᠤᠰᠢ ᠦᠭᠡᠢ ᠬᠠᠷᠢᠴᠠᠭ᠎ᠠ ᠲᠠᠢ᠃ 1945 ᠤᠨ ᠤ 10 ᠰᠠᠷ᠎ᠠ ᠶᠢᠨ 5 ᠤ ᠡᠲᠦᠷ ᠦᠪᠦᠷ ᠮᠤᠩᠭ᠋ᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠪᠦᠯᠬᠦᠮ ᠸᠠᠩ ᠤᠨ ᠰᠦᠮ᠎ᠠ ( ᠤᠲᠤ ᠶᠢᠨ ᠤᠯᠠᠭᠠᠨᠬᠤᠲᠠ) ᠳ᠋ᠤ ᠪᠠᠶᠢᠭᠤᠯᠤᠭᠲᠠᠵᠠᠢ᠃ ᠲᠤᠬᠠᠢ ᠶᠢᠨ ᠦᠶ᠎ᠠ ᠳ᠋ᠤ ᠦᠪᠦᠷ ᠮᠤᠩᠭ᠋ᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠪᠦᠯᠬᠦᠮ ᠡᠴᠡ ᠪᠠᠲᠤᠪᠠᠭᠠᠨ᠎ᠠ ᠨᠦᠬᠦᠷ ᠢ ᠲᠤᠮᠢᠯᠠᠨ ᠦᠪᠦᠷ ᠮᠤᠩᠭ᠋ᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠪᠦᠯᠬᠦᠮ ᠤᠨ ᠠᠯᠪᠠᠨ ᠪᠠᠶᠢᠭᠤᠯᠤᠯᠭ᠎ᠠ ᠶᠢᠨ ᠰᠤᠨᠢᠨ ᠢ ᠡᠭᠦᠰᠭᠡᠨ ᠪᠠᠶᠢᠭᠤᠯᠬᠤ ᠠᠵᠢᠯ ᠳ᠋ᠤ ᠤᠷᠤᠯᠴᠠᠭᠤᠯᠵᠠᠢ᠃ 1945 ᠤᠨ ᠤ 12 ᠰᠠᠷ᠎ᠠ ᠶᠢᠨ 18 ᠤ ᠡᠲᠦᠷ ᠦᠪᠦᠷ ᠮᠤᠩᠭ᠋ᠤᠯ ᠤᠨ ᠠᠷᠠᠳ ᠤᠨ ᠬᠤᠪᠢᠰᠬᠠᠯᠲᠤ ᠵᠠᠯᠠᠭᠤᠴᠤᠳ ᠤᠨ ᠪᠦᠯᠬᠦᠮ ᠤᠨ ᠠᠩᠬᠠᠲᠠᠭᠴᠢ ᠠᠯᠪᠠᠨ ᠪᠠᠶᠢᠭᠤᠯᠤᠯᠭ᠎ᠠ ᠶᠢᠨ ᠮᠤᠩᠭ᠋ᠤᠯ ᠰᠤᠨᠢᠨ 《 ᠦᠷᠯᠦᠭᠡ》 ᠬᠡᠪᠯᠡᠯ ᠡᠬᠢᠯᠡᠵᠡᠢ᠃ 1949 ᠤᠨ ᠤ ᠡᠴᠦᠰ ᠢᠶᠡᠷ᠂ ᠰᠢᠨ᠎ᠡ ᠠᠷᠠᠳᠴᠢᠯᠠᠭᠰᠠᠨ ᠦᠵᠡᠯ ᠤᠨ ᠵᠠᠯᠠᠭᠤᠴᠤᠳ ᠤᠨ ᠪᠦᠯᠬᠦᠮ ᠦᠪᠦᠷ ᠮᠤᠩᠭ᠋ᠤᠯ ᠤᠨ ᠵᠠᠯᠠᠭᠤᠴᠤᠳ ᠤᠨ ᠰᠤᠨᠢᠨ ᠤ ᠬᠤᠷᠢᠶ᠎ᠠ ᠶᠢ ᠡᠷᠬᠢᠯᠡᠵᠦ᠂ 1952 ᠤᠨ ᠳ᠋ᠤ 《 ᠦᠪᠦᠷ ᠮᠤᠩᠭ᠋ᠤᠯ ᠤᠨ ᠵᠠᠯᠠᠭᠤᠴᠤᠳ》 ᠰᠤᠨᠢᠨ ᠤ ᠮᠤᠩᠭ᠋ᠤᠯ ᠬᠡᠪᠯᠡᠯ ᠢ ᠡᠬᠢᠯᠡᠨ ᠬᠡᠪᠯᠡᠬᠦᠯᠪᠡ᠃

    1952 ᠤᠨ ᠤ 11 ᠰᠠᠷ᠎ᠠ ᠳ᠋ᠤ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠤᠯᠠᠭᠠᠨᠬᠤᠲᠠ ᠡᠴᠡ ᠭᠦᠢᠰᠦ᠋ᠢ ( ᠤᠲᠤ ᠶᠢᠨ ᠬᠦᠬᠡᠬᠤᠲᠠ) ᠳ᠋ᠤ ᠨᠡᠬᠦᠵᠦ ᠢᠷᠡᠵᠡᠢ᠃ ᠦᠪᠦᠷ ᠮᠤᠩᠭ᠋ᠤᠯ ᠤᠨ ᠵᠠᠯᠠᠭᠤᠴᠤᠳ ᠰᠤᠨᠢᠨ ᠤ ᠬᠤᠷᠢᠶ᠎ᠠ ᠶᠢ ᠵᠠᠯᠠᠭᠤᠴᠤᠳ ᠤᠨ ᠪᠦᠯᠬᠦᠮ ᠤᠨ ᠰᠦᠢᠶᠤᠸᠠᠨ ᠮᠤᠵᠢ ᠶᠢᠨ ᠠᠵᠢᠯᠯᠠᠬᠤ ᠬᠤᠷᠢᠶ᠎ᠠ ᠶᠢᠨ ᠠᠯᠪᠠᠨ ᠪᠠᠶᠢᠭᠤᠯᠤᠯᠭ᠎ᠠ ᠶᠢᠨ ᠰᠤᠨᠢᠨ 《ᠰᠦᠢᠶᠤᠸᠠᠨ ᠤ ᠵᠠᠯᠠᠭᠤᠴᠤᠳ ᠰᠤᠨᠢᠨ》 ᠲᠠᠢ ᠨᠡᠶᠢᠯᠡᠬᠦᠯᠦᠨ᠂ 1953 ᠤᠨ ᠤ 7 ᠰᠠᠷ᠎ᠠ ᠳ᠋ᠤ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠵᠠᠯᠠᠭᠤᠴᠤᠳ ᠤᠨ ᠪᠦᠯᠬᠦᠮ ᠤᠨ ᠠᠵᠢᠯ ᠤᠨ ᠬᠡᠷᠡᠭᠴᠡᠭᠡᠨ ᠡᠴᠡ 《 ᠦᠪᠦᠷ ᠮᠤᠩᠭ᠋ᠤᠯ ᠤᠨ ᠵᠠᠯᠠᠭᠤᠴᠤᠳ ᠰᠤᠨᠢᠨ 》 ᠤ  ᠮᠤᠩᠭ᠋ᠤᠯ ᠬᠡᠪᠯᠡᠯ ᠢ 《 ᠦᠪᠦᠷ ᠮᠤᠩᠭ᠋ᠤᠯ ᠤᠨ ᠵᠠᠯᠠᠭᠤᠴᠤᠳ》 ᠰᠡᠳᠬᠦᠯ ᠮᠤᠩᠭ᠋ᠤᠯ ᠬᠡᠪᠯᠡᠯ ᠪᠤᠯᠭᠠᠨ ᠦᠭᠡᠷᠡᠴᠢᠯᠡᠪᠡ᠃ 1957 ᠤᠨ ᠤ 4 ᠰᠠᠷ᠎ᠠ ᠡᠴᠡ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠠ ᠡᠴᠡ ᠪᠠᠭᠠᠴᠤᠳ ᠤᠨ ᠬᠤᠰᠢᠭᠤᠴᠢ ᠠᠩᠬᠢ ᠶᠢᠨ ᠰᠡᠳᠬᠦᠯ 《ᠴᠤᠮᠤᠷᠯᠢᠭ》 ᠤ᠋ᠨ ᠮᠤᠩᠭ᠋ᠤᠯ ᠬᠡᠪᠯᠡᠯ ᠢ ᠡᠭᠦᠰᠭᠡᠨ ᠪᠠᠶᠢᠭᠤᠯᠵᠠᠢ᠃

    ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶᠠᠨ ᠤ ᠲᠡᠳ᠋ ᠲᠠᠷᠤᠭ᠎ᠠ ᠡᠦ ᠵᠢᠨ ᠪᠤᠤ᠄《 1953 ᠤᠨ ᠤ 7 ᠰᠠᠷ᠎ᠠ ᠡᠴᠡ ᠡᠬᠢᠯᠡᠨ ᠬᠡᠪᠯᠡᠭᠲᠡᠭᠰᠡᠨ<ᠦᠪᠦᠷ ᠮᠤᠩᠭ᠋ᠤᠯ ᠤᠨ ᠵᠠᠯᠠᠭᠤᠴᠤᠳ>ᠰᠡᠳᠬᠦᠯ 32 ᠵᠦᠰᠦᠮ ᠤᠨ ᠬᠠᠭᠠᠰ ᠰᠠᠷ᠎ᠠ ᠶᠢᠨ ᠰᠡᠳᠬᠦᠯ ᠪᠠᠶᠢᠵᠠᠢ᠂ 1960 ᠤᠨ ᠤ ᠡᠴᠦᠰ ᠢᠶᠡᠷ ᠤᠯᠤᠰ ᠠᠷᠠᠳ ᠤᠨ ᠠᠵᠤ ᠠᠬᠤᠢ ᠶᠢᠨ ᠬᠦᠴᠢᠷᠲᠡᠯ ᠡᠴᠡ ᠰᠢᠯᠲᠠᠭᠠᠯᠠᠵᠤ ᠰᠡᠳᠬᠦᠯ ᠲᠦᠷ ᠴᠠᠭ ᠵᠤᠭᠰᠤᠨ᠂ 1974 ᠤᠨ ᠳ᠋ᠤ ᠲᠠᠬᠢᠨ ᠬᠡᠪᠯᠡᠯ ᠢᠶᠡᠨ ᠰᠡᠷᠭᠦᠭᠡᠵᠦ ᠰᠠᠷ᠎ᠠ ᠶᠢᠨ ᠰᠡᠳᠬᠦᠯ ᠪᠤᠯᠭᠠᠨ ᠡᠷᠬᠢᠯᠡᠪᠡ᠃ 1985 ᠤᠨ ᠳ᠋ᠤ ᠲᠡᠭᠡᠳᠦ ᠱᠠᠲᠤᠨ ᠤ ᠵᠦᠪᠰᠢᠶᠡᠷᠡᠯ ᠢᠶᠡᠷ ᠲᠠᠬᠢᠨ ᠬᠠᠭᠠᠰ ᠰᠠᠷ᠎ᠠ ᠶᠢᠨ ᠰᠡᠳᠬᠦᠯ ᠪᠤᠯᠵᠤ᠂ 1994 ᠤᠨ ᠳ᠋ᠤ ᠰᠠᠷ᠎ᠠ ᠶᠢᠨ ᠰᠡᠳᠬᠦᠯ ᠪᠤᠯᠵᠤ ᠤᠲᠤ ᠳ᠋ᠤ ᠬᠦᠷᠲᠡᠯ᠎ᠡ ᠬᠡᠪᠯᠡᠭᠳᠡᠭᠰᠡᠭᠡᠷ ᠢᠷᠡᠵᠡᠢ᠃ 2017 ᠤᠨ ᠤ 5 ᠰᠠᠷ᠎ᠠ ᠪᠤᠯᠲᠠᠯ᠎ᠠ ᠨᠡᠶᠢᠲᠡ 803 ᠬᠤᠭᠤᠴᠠᠭ᠎ᠠ ᠬᠡᠪᠯᠡᠭᠲᠡᠪᠡ᠃ ᠮᠠᠨ ᠤ ᠤᠩᠰᠢᠭᠴᠢᠳ ᠲᠤ ᠭᠤᠤᠯᠲᠠᠭᠤ ᠦᠪᠦᠷ ᠮᠤᠩᠭ᠋ᠤᠯ ᠤᠨ ᠬᠦᠲᠡᠭᠡ ᠤᠷᠤᠨ ᠨᠤᠲᠤᠭ᠂ ᠶᠡᠬᠡ ᠲᠡᠭᠡᠳᠦ ᠰᠤᠷᠭᠠᠭᠤᠯᠢ ᠶᠢᠨ ᠤᠶᠤᠲᠠᠨ ᠵᠠᠯᠠᠭᠤᠴᠤᠳ᠂ ᠦᠨᠳᠦᠷ ᠲᠤᠮᠲᠠᠲᠤ ᠶᠢᠨ ᠰᠤᠷᠤᠭᠴᠢᠳ ᠪᠠᠶᠢᠬᠤ ᠪᠦᠭᠡᠳ  ᠬᠦᠬᠡᠨᠠᠭᠤᠷ᠂ ᠭᠠᠨᠰᠦ᠂ ᠯᠢᠶᠤᠤᠨᠢᠩ᠂ ᠬᠠᠷᠠᠮᠦ᠋ᠷᠡᠨ᠂ ᠭᠢᠷᠢᠨ᠂ ᠪᠡᠭᠡᠵᠢᠩ ᠵᠡᠷᠭᠡ ᠭᠠᠵᠠᠷ ᠤᠷᠤᠨ ᠤ ᠮᠤᠩᠭ᠋ᠤᠯ ᠦᠭᠡ ᠬᠡᠯᠡ ᠦᠰᠦᠭ ᠪᠢᠴᠢᠭ᠌ ᠢᠶᠡᠨ ᠮᠡᠲᠡᠲᠡᠭ ᠡᠯ᠎ᠡ ᠦᠨᠳᠦᠰᠦᠲᠡᠨ ᠤ ᠵᠠᠯᠠᠭᠤᠴᠤᠳ ᠪᠤᠢ᠃ ᠤᠲᠤᠬᠠᠨ ᠳ᠋ᠤ<ᠦᠷᠯᠦᠭᠡ ᠶᠢᠨ ᠰᠠᠶᠢᠬᠠᠨ>᠂<ᠰᠤᠷᠭᠠᠭᠤᠯᠢ ᠶᠢᠨ ᠬᠦᠷᠢᠶᠡᠨ ᠳ᠋ᠤ>᠂<ᠬᠠᠦᠯᠢ ᠶᠢᠨ ᠲᠠᠪᠴᠠᠩ>᠂<ᠰᠤᠷᠠᠭ ᠤᠨ ᠬᠡᠰᠡᠷ>ᠭᠡᠬᠦ ᠵᠡᠷᠭᠡ ᠪᠤᠯᠤᠩ ᠤᠳ ᠢ ᠨᠡᠬᠡᠬᠡᠵᠦ᠂ ᠵᠦᠪ ᠲᠠᠯ᠎ᠠ ᠶᠢᠨ ᠰᠤᠷᠭᠠᠨ ᠬᠦᠮᠦᠵᠢᠯ ᠢᠶᠡᠷ ᠭᠤᠤᠯᠲᠠᠯᠠᠭ᠎ᠠ ᠪᠤᠯᠭᠠᠬᠤ ᠶᠢ ᠪᠠᠷᠢᠮᠲᠠᠯᠠᠵᠤ᠂ ᠴᠠᠭ ᠦᠶ᠎ᠠ ᠶᠢᠨ ᠬᠦᠭ᠌ ᠠᠶᠠᠰ ᠢ ᠲᠤᠪᠤᠶᠢᠯᠭᠠᠨ᠂ ᠤᠷᠤᠨ ᠲᠠᠶᠠᠭᠠᠷ ᠤᠨ ᠡᠯ᠎ᠡ ᠱᠠᠲᠤᠨ ᠤ ᠦᠷᠭᠡᠨ ᠤᠯᠠᠨ ᠵᠠᠯᠠᠭᠤᠴᠤᠳ ᠤᠨ ᠡᠬᠡ ᠤᠷᠤᠨ ᠢᠶᠡᠨ ᠬᠠᠶᠢᠷᠠᠯᠠᠵᠤ᠂ ᠠᠵᠢᠯ ᠦᠢᠯᠡᠰ ᠠᠲᠠᠯ ᠠᠮᠢᠲᠤᠷᠠᠯ ᠢᠶᠡᠨ ᠲᠡᠭᠡᠳᠦᠯᠡᠲᠡᠭ ᠡᠷᠬᠢᠮ ᠰᠠᠶᠢᠬᠠᠨ ᠬᠡᠪ ᠰᠤᠷᠲᠠᠯ ᠢ ᠲᠡᠭᠡᠳᠦᠯᠡᠵᠦ᠂ ᠵᠠᠯᠠᠭᠤᠴᠤᠳ ᠤᠨ ᠬᠦᠰᠡᠯ ᠮᠦᠷᠦᠭᠡᠲᠦᠯ᠂ ᠢᠲᠡᠭᠡᠯ ᠵᠤᠷᠢᠭ᠂ ᠠᠵᠢᠯ ᠦᠢᠯᠡᠰ᠂ ᠢᠨᠠᠭ ᠬᠠᠶᠢᠷ᠎ᠠ᠂ ᠰᠤᠷᠤᠯᠭ᠎ᠠ ᠠᠮᠢᠲᠤᠷᠠᠯ᠂ ᠭᠡᠷ ᠪᠦᠯᠢ ᠵᠡᠷᠭᠡ ᠲᠠᠯ᠎ᠠ ᠶᠢ ᠲᠤᠰᠬᠠᠬᠤ ᠶᠢ ᠵᠤᠷᠢᠲᠠᠭ ᠶᠤᠮ》ᠭᠡᠯ᠎ᠡ᠃

    ᠨᠠᠮ ᠵᠠᠰᠠᠭ ᠡᠴᠡ ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶᠠᠨ ᠤ ᠠᠵᠢᠯ ᠢ ᠮᠠᠰᠢ ᠬᠦᠨᠳᠦᠳᠭᠡᠨ ᠬᠠᠯᠠᠮᠵᠢᠯᠠᠭᠰᠠᠭᠠᠷ ᠢᠷᠡᠵᠡᠢ᠃ ᠦᠭᠡᠶᠢᠬᠦᠦ ᠠᠩᠬᠢ ᠶᠢᠨ ᠠᠬᠠᠮᠠᠳ ᠬᠤᠪᠢᠰᠬᠠᠯᠴᠢ ᠤᠯᠠᠭᠠᠨᠬᠦᠦ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠲᠡᠳ᠋ ᠲᠠᠷᠤᠭ᠎ᠠ ᠠᠭᠰᠠᠨ ᠪᠦᠬᠡ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠠᠭᠰᠠᠨ ᠤᠶᠤᠨᠴᠢᠮᠡᠭ᠂ ᠪᠠᠭᠠᠲᠤᠷ ᠵᠡᠷᠭᠡ ᠤᠲᠤᠷᠢᠲᠤᠯᠭ᠎ᠠ ᠨᠠᠷ ᠴᠤ 《ᠦᠪᠦᠷ ᠮᠤᠩᠭ᠋ᠤᠯ ᠤᠨ ᠵᠠᠯᠠᠭᠤᠴᠤᠳ》ᠰᠡᠳᠬᠦᠯ᠂ 《ᠴᠤᠮᠤᠷᠯᠢᠭ》ᠰᠡᠳᠬᠦᠯ ᠳ᠋ᠤ ᠪᠢᠴᠢᠭᠡᠰᠦ ᠬᠦᠷᠭᠡᠬᠦ ᠪᠤᠶᠤ ᠲᠤᠷᠠᠰᠬᠠᠯ ᠤᠨ ᠵᠤᠬᠢᠶᠠᠯ ᠪᠢᠴᠢᠵᠦ ᠪᠠᠶᠢᠵᠠᠢ᠃

    2007 ᠤᠨ ᠤ 3 ᠰᠠᠷ᠎ᠠ ᠡᠴᠡ ᠲᠤᠰ ᠰᠡᠳᠬᠦᠯ ᠤᠨ ᠬᠤᠷᠢᠶ᠎ᠠ ᠶᠢ ᠵᠦᠷᠢᠶᠡᠲᠦ ᠴᠠᠯᠢᠩ ᠤᠨ ᠪᠠᠶᠢᠭᠤᠯᠤᠯᠭ᠎ᠠ ᠡᠴᠡ ᠪᠦᠬᠦ ᠲᠤᠭᠠᠨ ᠤ ᠴᠠᠯᠢᠩ ᠦᠭ᠍ᠬᠦ ᠪᠠᠶᠢᠭᠤᠯᠤᠯᠭ᠎ᠠ ᠪᠤᠯᠭᠠᠵᠤ᠂ 2012 ᠤᠨ ᠤ 7 ᠰᠠᠷ᠎ᠠ ᠡᠴᠡ ᠡᠬᠢᠯᠡᠨ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠰᠠᠨᠠᠭᠠᠴᠢᠯᠠᠭ᠎ᠠ ᠪᠡᠷ 《ᠦᠪᠦᠷ ᠮᠤᠩᠭ᠋ᠤᠯ ᠤᠨ ᠵᠠᠯᠠᠭᠤᠴᠤᠳ》ᠰᠡᠳᠬᠦᠯ᠂《ᠴᠤᠮᠤᠷᠯᠢᠭ》ᠰᠡᠳᠬᠦᠯ ᠢ ᠤᠷᠤᠨ ᠲᠠᠶᠠᠭᠠᠷ ᠤᠨ ᠮᠤᠩᠭ᠋ᠤᠯ ᠢᠶᠡᠷ ᠬᠢᠴᠢᠶᠡᠯᠯᠡᠵᠦ ᠪᠠᠶᠢᠭ᠎ᠠ ᠲᠤᠮᠲᠠᠲᠤ ᠪᠠᠭ᠎ᠠ ᠰᠤᠷᠭᠠᠭᠤᠯᠢ ᠶᠢᠨ ᠰᠤᠷᠤᠭᠴᠢᠳ ᠪᠠ ᠠᠮᠢᠲᠤᠷᠠᠯ ᠨᠢ ᠬᠦᠴᠢᠷᠲᠡᠯ ᠲᠠᠢ ᠬᠡᠰᠡᠭ ᠤᠶᠤᠲᠠᠳ ᠲᠤ ᠦᠨ᠎ᠠ ᠲᠦᠯᠦᠪᠦᠷᠢ ᠦᠭᠡᠢ ᠬᠦᠷᠭᠡᠬᠦ ᠪᠤᠯᠤᠭᠰᠠᠨ ᠶᠤᠮ᠃

    ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶᠠᠨ ᠤ ᠲᠡᠳ᠋ ᠲᠠᠷᠤᠭ᠎ᠠ ᠦᠨᠢᠷᠰᠤᠲᠤ᠄《ᠮᠠᠨ ᠤ <ᠴᠤᠮᠤᠷᠯᠢᠭ>ᠰᠡᠳᠬᠦᠯ ᠬᠡᠪᠯᠡᠯ ᠡᠬᠢᠯᠡᠭᠡᠳ ᠦᠨᠦ ᠵᠢᠯ ᠪᠤᠯᠬᠤ ᠳ᠋ᠤ 60 ᠵᠢᠯ ᠤᠨ ᠨᠢᠭᠤᠷ ᠦᠵᠡᠵᠦ ᠪᠠᠶᠢᠨ᠎ᠠ᠃ 60 ᠵᠢᠯ ᠤᠨ ᠲᠤᠷᠰᠢᠲᠠ ᠦᠶ᠎ᠠ ᠦᠶ᠎ᠠ ᠶᠢᠨ <ᠴᠤᠮᠤᠷᠯᠢᠭ> ᠤᠨ ᠨᠠᠶᠢᠷᠠᠭᠤᠯᠤᠭᠴᠢᠳ ᠵᠦᠪ ᠤᠨᠤᠪᠴᠢᠲᠠᠢ ᠪᠡᠷ ᠰᠡᠳᠬᠦᠯ ᠡᠷᠬᠢᠯᠡᠬᠦ ᠴᠢᠭᠯᠡᠯᠲᠡ ᠪᠠᠨ ᠪᠠᠷᠢᠮᠲᠠᠯᠠᠨ᠂ ᠬᠡᠦᠬᠡᠳ ᠪᠠᠭᠠᠴᠤᠳ ᠤᠨ ᠪᠠᠶ᠎ᠠ ᠰᠡᠳᠬᠢᠯ ᠤᠨ ᠤᠨᠴᠯᠠᠢᠭ ᠪᠠ ᠬᠦᠯᠢᠶᠠᠨ ᠤᠩᠰᠢᠵᠤ ᠰᠤᠨᠢᠷᠬᠠᠬᠤ ᠴᠢᠲᠠᠪᠤᠷᠢ ᠶᠢ ᠦᠨᠳᠦᠰᠦᠯᠡᠨ <ᠮᠠᠨ ᠤ ᠵᠤᠬᠢᠶᠠᠯ>᠂<ᠰᠠᠶᠢᠰᠢᠶᠠᠯ ᠤᠨ ᠴᠡᠴᠡᠭ ᠵᠡᠭᠦᠭ᠍ᠰᠡᠳ>᠂ <ᠤᠶᠤᠨ ᠤ ᠲᠦᠯᠬᠢᠭᠦᠷ>ᠵᠡᠷᠭᠡ ᠤᠯᠠᠨ ᠰᠠᠶᠢᠬᠠᠨ ᠪᠤᠯᠤᠩ ᠤᠳ ᠢ ᠨᠡᠬᠡᠬᠡᠵᠦ ᠤᠩᠰᠢᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠭᠠᠷ ᠢᠷᠡᠵᠡᠢ᠃ ᠪᠢᠲᠠ ᠦᠨᠳᠦᠰᠦᠲᠡᠨ ᠤ ᠬᠡᠦᠬᠡᠳ ᠪᠠᠭᠠᠴᠤᠳ ᠤᠨ ᠡᠷᠡᠬᠦᠯ ᠲᠤᠷᠨᠢᠭᠤᠨ ᠦᠰᠦᠨ ᠪᠤᠶᠢᠵᠢᠬᠤ ᠳ᠋ᠤ ᠨᠡᠩ ᠰᠠᠶᠢᠨ ᠦᠢᠯᠡᠴᠢᠯᠡᠬᠦ ᠪᠡᠷ 2015 ᠤᠨ ᠤ ᠲᠤᠤᠷᠠᠲᠤ ᠬᠠᠭᠠᠰ ᠵᠢᠯ ᠡᠴᠡ ᠡᠬᠢᠯᠡᠨ<ᠴᠤᠮᠤᠷᠯᠢᠭ>ᠰᠡᠳᠬᠦᠯ ᠢᠶᠡᠨ ᠠᠩᠬ᠎ᠠ ᠲᠤᠮᠲᠠᠲᠤ ᠶᠢᠨ ᠬᠡᠪᠯᠡᠯ ᠪᠠ ᠪᠠᠭ᠎᠎ᠠ ᠰᠤᠷᠭᠠᠭᠤᠯᠢ ᠶᠢᠨ ᠬᠡᠪᠯᠡᠯ ᠪᠤᠯᠭᠠᠨ ᠬᠤᠶᠠᠷ ᠬᠤᠪᠢᠶᠠᠪᠠ᠃ ᠮᠦᠨ ᠡᠭᠦᠨ ᠤ ᠲᠠᠭᠠᠤ ᠰᠡᠳᠬᠦᠯ ᠤᠨ ᠨᠠᠶᠢᠷᠠᠭᠤᠯᠤᠭᠴᠢᠳ ᠤᠨ ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ ᠢ ᠲᠡᠭᠡᠭ᠍ᠰᠢᠯᠡᠬᠦᠯᠬᠦ ᠶᠢᠨ ᠬᠠᠮᠲᠤ ᠬᠡᠦᠬᠡᠳ ᠤᠨ ᠤᠷᠠᠨ ᠵᠤᠬᠢᠶᠠᠯᠴᠢ ᠶᠢᠨ ᠪᠤᠯᠪᠠᠰᠤᠷᠠᠯ ᠤᠨ ᠠᠩᠬᠢ ᠡᠷᠬᠢᠯᠡᠬᠦ᠂ <ᠴᠤᠮᠤᠷᠯᠢᠭ>ᠬᠤᠨᠲᠠᠭᠠᠲᠤ ᠬᠡᠦᠬᠡᠳ ᠤᠨ ᠦᠬᠦᠯᠡᠯᠭᠡ ᠶᠢᠨ ᠤᠷᠤᠯᠲᠤᠭᠠᠨ ᠶᠠᠪᠤᠭᠤᠯᠬᠤ ᠵᠡᠷᠭᠡ ᠠᠷᠭ᠎ᠠ ᠬᠡᠮᠵᠢᠶ᠎ᠠ ᠵᠤᠬᠢᠶᠠᠨ ᠪᠠᠶᠢᠭᠤᠯᠵᠤ ᠪᠠᠶᠢᠨ᠎ᠠ》ᠭᠡᠯ᠎ᠡ᠃

    ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶ᠎ᠠ ᠤᠨ ᠬᠢᠨ ᠴᠠᠭ ᠦᠶ᠎ᠠ ᠲᠠᠢ ᠵᠡᠷᠭᠡ ᠪᠡᠷ ᠤᠷᠤᠭᠰᠢᠯᠠᠠ᠂ ᠰᠡᠳᠬᠦᠯ ᠤᠨ ᠴᠢᠨᠠᠷ ᠴᠢᠨᠰᠠᠭ᠎ᠠ ᠪᠠᠨ ᠲᠠᠰᠤᠷᠠᠯᠲᠠ ᠦᠭᠡᠢ ᠰᠠᠶᠢᠵᠢᠷᠠᠭᠤᠯᠤᠨ᠂ ᠰᠤᠨᠢᠷᠬᠠᠯᠲᠤ ᠴᠢᠨᠠᠷ ᠢ ᠨᠢ ᠲᠡᠭᠡᠭ᠍ᠰᠢᠯᠡᠬᠦᠯᠵᠦ ᠦᠷᠭᠡᠨ ᠤᠯᠠᠨ ᠵᠠᠯᠠᠭᠤᠴᠤᠳ ᠪᠠᠭᠠᠴᠤᠳ ᠲᠠᠭᠠᠨ ᠨᠡᠩ ᠰᠠᠶᠢᠨ ᠦᠢᠯᠡᠴᠢᠯᠡᠬᠦ ᠪᠡᠷ ᠤᠮᠤᠭ ᠵᠤᠷᠢᠭ ᠲᠠᠢ ᠢᠲᠡᠭᠡᠯ ᠲᠦᠭᠦᠷᠡᠩ ᠠᠵᠢᠯᠯᠠᠵᠤ ᠪᠠᠶᠢᠨ᠎ᠠ᠃

    ᠵᠤᠬᠢᠶᠠᠯ ᠤᠨ ᠡᠴᠦᠰ ᠲᠤ ᠦᠪᠦᠷ ᠮᠤᠩᠭ᠋ᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶᠠᠨ ᠤ ᠲᠡᠳ᠋ ᠬᠤᠷᠢᠶᠠᠨ ᠲᠠᠷᠤᠭ᠎ᠠ ᠡᠦ ᠵᠢᠨ ᠪᠤᠤ᠂ ᠦᠨᠢᠷᠰᠤᠲᠤ ᠲᠠᠢ ᠬᠢᠭ᠍ᠰᠡᠨ ᠶᠠᠷᠢᠯᠴᠠᠯᠭ᠎ᠠ ᠶᠢᠨ ᠪᠢᠴᠢᠯᠭᠡ ᠶᠢ ᠬᠦᠷᠭᠡᠶ᠎ᠠ᠂ ᠬᠦᠯᠢᠶᠠᠨ ᠰᠤᠨᠢᠷᠬᠠᠮᠦ!

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
010070230030000000000000011120791120993682