蒙古文网站Logo
ᠰᠢᠨᠬᠤᠸᠠ ᠮᠤᠩᠭ᠋ᠤᠯ ᠨᠧᠲ

《ᠬᠠᠶᠢᠷ᠎ᠠ ᠶᠢᠨ ᠬᠡᠯᠬᠢᠶ᠎ᠡ ᠬᠠᠯᠠᠮᠵᠢ ᠶᠢᠨ ᠰᠠᠬᠢᠶ᠎ᠠ》 ᠬᠡᠬᠦ ᠨᠡᠶᠢᠳᠡ ᠶᠢᠨ ᠠᠰᠠᠷᠠᠮᠵᠢ ᠶᠢᠨ ᠦᠳᠡᠰᠢᠯᠡᠭᠡ ᠬᠦᠬᠡᠬᠤᠳᠠ ᠳᠤ ᠪᠤᠯᠪᠠ

2017-05-23 11:54

    5 ᠰᠠᠷ᠎ᠠ ᠶᠢᠨ 21 ᠤ ᠦᠳᠡᠰᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠵᠡᠮᠳᠡᠭᠴᠤᠳ ᠤᠨ ᠬᠤᠯᠪᠤᠭ᠎ᠠ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠤᠨ ᠠᠰᠠᠷᠠᠮᠵᠢ ᠶᠢᠨ ᠹᠤᠨᠳ᠋  ᠡᠴᠡ ᠭᠤᠤᠯᠯᠠᠨ ᠡᠷᠬᠢᠯᠡᠭᠰᠡᠨ 《ᠬᠠᠶᠢᠷ᠎ᠠ ᠶᠢᠨ ᠬᠡᠯᠬᠢᠶ᠎ᠡ ᠬᠠᠯᠠᠮᠵᠢ ᠶᠢᠨ ᠰᠠᠬᠢᠶ᠎ᠠ》ᠨᠡᠶᠢᠳᠡ ᠶᠢᠨ ᠠᠰᠠᠷᠠᠮᠵᠢ ᠶᠢᠨ ᠦᠳᠡᠰᠢᠯᠡᠭᠡ ᠦᠪᠦᠷ ᠮᠤᠩᠭ᠋ᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠳᠤ ᠪᠤᠯᠪᠠ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠣᠯᠣᠰ ᠲᠦᠷᠦ ᠬᠠᠣᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭ᠋ᠤ ᠶᠢᠨ ᠬᠡᠰᠢᠬᠦᠨ᠂ ᠣᠬᠠᠭᠤᠯᠬᠤ ᠬᠡᠯᠳᠡᠰ ᠤᠨ ᠲᠠᠷᠤᠭ᠎ᠠ ᠪᠠᠢ ᠢᠣᠢ ᠭᠠᠩ᠂ ᠦᠪᠦᠷ ᠮᠣᠩᠭᠣᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠲᠡᠳ᠋ ᠡᠷᠬᠢᠯᠡᠭᠴᠢ ᠬᠠᠩ ᠭᠦᠢ ᠯᠢᠨ ᠬᠦᠬᠡᠬᠤᠳᠠ ᠶᠢᠨ ᠦᠵᠡᠭᠴᠢᠳ ᠲᠠᠢ ᠬᠠᠮᠳᠣ ᠪᠠᠷ ᠲᠣᠭᠯᠠᠯᠳᠠ ᠰᠣᠨᠢᠷᠬᠠᠵᠠᠢ᠃

    ᠲᠤᠰ ᠦᠳᠡᠰᠢᠯᠡᠭᠡ ᠨᠢ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠢ ᠶᠢ ᠪᠠᠶᠠᠷᠯᠠᠨ ᠤᠭᠳᠤᠬᠤ ᠪᠠ 27 ᠳᠠᠬᠢ ᠤᠳᠠᠭᠠᠨ ᠤ ᠤᠯᠤᠰ ᠳᠠᠶᠠᠭᠠᠷ ᠤᠨ ᠬᠦᠭ᠍ᠵᠢᠯ ᠤᠨ ᠪᠡᠷᠭᠡᠰᠢᠶᠡᠯ ᠲᠠᠢ ᠬᠦᠮᠦᠰ ᠢ ᠳᠤᠰᠠᠯᠠᠬᠤ ᠡᠳᠤᠷ ᠢ ᠳᠡᠮᠳᠡᠭᠯᠡᠬᠦ ᠰᠢᠷᠢᠰ ᠠᠵᠢᠯᠯᠠᠭ᠎ᠠ ᠶᠢᠨ ᠨᠢᠭᠡ ᠠᠭᠤᠯᠭ᠎ᠠ ᠪᠤᠯᠬᠤ ᠶᠤᠮ᠃ ᠦᠳᠡᠰᠢᠯᠡᠭᠡ ᠳᠤ ᠳᠡᠳᠮ᠎ᠠ᠂ ᠬᠦᠰᠡᠯᠡᠩ᠂ ᠦ᠋ ᠲᠦᠩ᠂ ᠶᠦᠨ ᠹᠸᠢ ᠵᠡᠷᠭᠡ ᠤᠷᠠᠯᠢᠭᠴᠢᠳ ᠳᠤᠮᠳᠠᠳᠤ ᠤᠯᠤᠰ ᠤᠨ ᠬᠦᠭ᠍ᠵᠢᠯ ᠤᠨ ᠪᠡᠷᠬᠡᠰᠢᠶᠡᠯ ᠲᠠᠢ ᠬᠦᠮᠦᠰ ᠤᠨ ᠤᠷᠠᠯᠢᠭ ᠤᠨ ᠪᠦᠯᠬᠦᠮ᠂ ᠦᠪᠦᠷ ᠮᠤᠩᠭ᠋ᠤᠯ ᠤᠨ ᠤᠷᠠᠯᠢᠭ ᠵᠦᠴᠦᠭᠡ ᠶᠢᠨ ᠬᠦᠷᠢᠶᠡᠯᠡᠩ᠂ ᠦᠪᠦᠷ ᠮᠤᠩᠭ᠋ᠤᠯ ᠤᠨ ᠰᠢᠭᠤᠳ ᠬᠠᠷᠢᠶ᠎ᠠ ᠤᠯᠠᠭᠠᠨᠮᠦ᠋ᠴᠢᠷ ᠤᠨ ᠲᠤᠭᠯᠠᠭᠴᠢᠳ ᠲᠠᠢ ᠬᠠᠮᠳᠤ 《ᠨᠠᠮᠠᠨᠴᠢᠯᠠᠯ》᠂ 《ᠬᠤᠨ ᠭᠠᠯᠠᠭᠤ》᠂ 《ᠠᠮᠢ ᠨᠠᠰᠤᠨ ᠤ ᠨᠢᠭᠤᠴᠠ ᠨᠤᠮᠧᠷ》᠂ 《ᠬᠡᠶᠢᠮᠤᠷᠢ》 ᠵᠡᠷᠭᠡ ᠲᠤᠭᠯᠠᠯᠳᠠ ᠲᠤᠭᠯᠠᠨ ᠦᠵᠡᠭᠦᠯᠦᠭᠰᠡᠨ ᠪᠠᠶᠢᠨ᠎ᠠ᠃

    ᠤᠢᠢᠯᠠᠭᠠᠭᠰᠠᠨ ᠢᠶᠠᠷ᠂ ᠡᠨᠡ ᠵᠢᠯ ᠤᠨ ᠤᠯᠤᠰ ᠳᠠᠶᠠᠭᠠᠷ ᠤᠨ ᠬᠦᠭ᠍ᠵᠢᠯ ᠤᠨ ᠪᠡᠷᠭᠡᠰᠢᠶᠡᠯ ᠲᠠᠢ ᠬᠦᠮᠦᠰ ᠢ ᠲᠤᠰᠠᠯᠠᠬᠤ ᠡᠳᠤᠷ ᠤᠨ ᠭᠤᠤᠯ ᠰᠡᠳᠦᠪ ᠪᠤᠯ 《ᠬᠦᠭ᠍ᠵᠢᠯ ᠤᠨ ᠪᠡᠷᠬᠡᠰᠢᠶᠡᠯ ᠲᠠᠢ ᠪᠤᠯᠬᠤ ᠶᠢ ᠰᠡᠷᠭᠡᠶᠢᠯᠡᠨ ᠡᠷᠡᠭᠦᠯ ᠴᠢᠬᠢᠷᠠᠭ ᠢᠶᠠᠷ ᠴᠢᠨᠡᠭᠡᠯᠢᠭ᠌ ᠠᠮᠢᠳᠤᠷᠠᠯ ᠢ ᠴᠤᠭᠴᠠᠯᠬᠤ》 ᠪᠤᠯᠤᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121020057