蒙古文网站Logo
ᠰᠢᠨᠬᠤᠸᠠ ᠮᠤᠩᠭ᠋ᠤᠯ ᠨᠧᠲ

ᠠᠯᠳᠠᠨ ᠳᠠᠬᠢᠶ᠎ᠠ ᠴᠡᠴᠡᠬᠡᠰ ᠺᠢᠨᠣ᠋ ᠤᠷᠠᠯᠢᠭ ᠤᠨ ᠨᠠᠭᠠᠳᠤᠮ ᠢ ᠤᠭᠳᠤᠭᠰᠠᠨ ᠴᠦᠬᠡᠨ ᠲᠤᠭᠠᠲᠤ ᠦᠨᠳᠦᠰᠦᠲᠡᠨ ᠤ ᠺᠢᠨᠤ᠋ ᠶᠢᠨ ᠦᠵᠡᠰᠭᠦᠯᠡᠩ ᠨᠡᠬᠡᠬᠡᠯᠳᠡ ᠪᠡᠨ ᠬᠢᠪᠡ

2017-05-24 15:38

    ᠰᠢᠨᠬᠤᠸᠠ ᠨᠸᠲ   ᠬᠦᠬᠡᠬᠤᠲᠠ ᠶᠢᠨ 5 ᠰᠠᠷ ᠠ ᠶᠢᠨ 23 ᠤ ᠡᠳᠦᠷ ᠤᠨ ᠴᠠᠬᠢᠯᠭᠠᠨ ᠮᠡᠳᠡᠭᠡ (ᠰᠢᠦᠢ ᠮᠸᠶ)   23  ᠤ ᠦᠳᠡ ᠶᠢᠨ ᠬᠤᠶᠢᠨ᠎ᠠ᠂ 26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠯᠲᠠᠨ ᠲᠠᠬᠢᠶ᠎ᠠ ᠴᠡᠴᠡᠭᠡᠰ ᠺᠢᠨᠤ᠋ ᠤᠷᠠᠯᠢᠭ ᠤᠨ ᠨᠠᠭᠠᠳᠤᠮ ᠢ ᠤᠭᠳᠤᠭᠰᠠᠨ 《ᠰᠤᠯᠤᠩᠭ᠋ᠠᠷᠠᠨ ᠮᠢᠷᠠᠯᠵᠠᠭᠰᠠᠨ ᠳᠤᠮᠳᠠᠳᠤ》ᠬᠡᠮᠡᠬᠦ ᠴᠦᠬᠡᠨ ᠲᠤᠭᠠᠲᠤ ᠦᠨᠳᠦᠰᠦᠲᠡᠨ ᠤ ᠺᠢᠨᠤ᠋ ᠶᠢᠨ ᠦᠵᠡᠰᠭᠦᠯᠡᠩ ᠵᠢᠴᠢ ᠺᠢᠨᠤ᠋ ᠶᠢᠨ ᠬᠡᠷᠡᠭᠰᠡᠯ ᠤᠨ ᠦᠵᠡᠰᠭᠦᠯᠡᠩ ᠬᠦᠬᠡᠬᠤᠲᠠ ᠳᠤ ᠨᠡᠬᠡᠬᠡᠯᠳᠡ ᠪᠡᠨ ᠬᠢᠪᠡ᠃

    ᠡᠨᠡᠬᠦ ᠦᠵᠡᠰᠭᠦᠯᠡᠩ ᠢᠶᠡᠷ᠂ ᠰᠡᠭᠦᠯ ᠤᠨ ᠵᠢᠯ ᠤᠳ ᠲᠤ ᠬᠢᠵᠤ ᠪᠦᠳᠦᠭᠡᠭ᠍ᠰᠡᠨ《ᠨᠤᠷᠵᠢᠮ᠎ᠠ》᠂《ᠲᠤᠭᠤᠨᠤᠲᠤ ᠭᠡᠷ ᠤᠨ ᠴᠡᠭᠡ ᠶᠢᠨ ᠨᠠᠶᠢᠷ》᠂《ᠠᠶᠠᠷᠯᠠᠯ》᠂《ᠡᠵᠢ ᠶᠢᠨ ᠨᠢᠰᠬᠦ ᠤᠩᠭ᠋ᠤᠴᠠᠨ ᠤ ᠪᠠᠭᠤᠳᠠᠯ》 ᠵᠡᠷᠭᠡ ᠮᠣᠩᠭᠣᠯ ᠦᠨᠳᠦᠰᠦᠲᠡᠨ ᠤ ᠰᠡᠲᠤᠪᠲᠤ ᠰᠢᠯᠢᠳᠡᠭ ᠺᠢᠨᠤ᠋ ᠨᠤᠭᠤᠳ ᠢ ᠲᠠᠯᠪᠢᠨ ᠦᠵᠡᠭᠦᠯᠦᠭᠰᠡᠨ ᠪᠠ ᠦᠪᠦᠷ ᠮᠣᠩᠭᠣᠯ ᠤᠨ ᠺᠢᠨᠤ᠋ ᠶᠢᠨ ᠮᠦᠽᠸᠢ ᠳᠤ ᠨᠠᠨᠳ᠋ᠢᠩᠨᠠᠨ ᠬᠠᠳᠠᠭᠠᠯᠠᠵᠤ ᠪᠠᠶᠢᠭ᠎ᠠ ᠬᠡᠷᠡᠭᠰᠡᠯ ᠤᠳ ᠢ ᠳᠡᠯᠭᠡᠨ ᠦᠵᠡᠭᠦᠯᠦᠭᠰᠡᠨ ᠢᠶᠡᠷ ᠦᠪᠦᠷ ᠮᠣᠩᠭᠣᠯ ᠤᠨ ᠺᠢᠨᠤ᠋ ᠶᠢᠨ ᠬᠦᠭ᠍ᠵᠢᠯᠲᠠ ᠶᠢᠨ ᠲᠡᠤᠬᠡ ᠶᠢ ᠠᠮᠢᠳᠤᠯᠢᠭ ᠳᠡᠯᠬᠡᠭ᠍ᠰᠡᠨ ᠪᠠᠶᠢᠨ᠎ᠠ᠃ ᠡᠬᠦᠨ ᠡᠴᠡ ᠭᠠᠳᠠᠨ᠎ᠠ᠂ ᠳᠤᠰ ᠡᠳᠦᠷ ᠨᠢ ᠳᠦᠷᠪᠡᠳᠡᠬᠢ ᠤᠳᠠᠭᠠᠨ ᠤ《 ᠳᠤᠮᠳᠠᠳᠤ ᠤᠯᠤᠰ ᠤᠨ ᠰᠤᠶᠤᠯ ᠤᠷᠠᠯᠢᠭ ᠤᠨ ᠰᠠᠶᠢᠨ ᠲᠤᠷᠠᠴᠤᠳ ᠤᠨ ᠦᠢᠯᠡᠴᠢᠯᠡᠭᠡᠨ ᠤ ᠡᠳᠦᠷ》 ᠲᠤᠬᠢᠶᠠᠭᠰᠠᠨ ᠪᠤᠯᠬᠤᠷ ᠳᠤᠮᠳᠠᠳᠤ ᠤᠯᠤᠰ ᠤᠨ ᠺᠢᠨᠤ᠋ ᠶᠢᠨ ᠨᠡᠶᠢᠭᠡᠮᠯᠢᠭ᠌ ᠤᠨ ᠰᠤᠶᠤᠯ ᠤᠷᠠᠯᠢᠭ ᠤᠨ ᠰᠠᠶᠢᠨ ᠳᠤᠷᠠᠴᠤᠳ ᠡᠴᠡ 20 ᠲᠤᠭᠯᠠᠭᠴᠢ ᠤᠷᠠᠨ ᠪᠦᠳᠦᠬᠡᠯ ᠢᠶᠡᠨ ᠰᠤᠨᠢᠷᠬᠠᠭᠤᠯᠵᠠᠢ᠃

    26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠣ᠋ ᠤᠷᠠᠯᠢᠭ ᠤᠨ ᠨᠠᠭᠠᠳᠤᠮ 9 ᠰᠠᠷ᠎ᠠ ᠶᠢᠨ 13 ᠡᠴᠡ 16 ᠤ᠋ ᠡᠳᠦᠷ ᠪᠤᠯᠲᠠᠯ᠎ᠠ ᠬᠦᠬᠡᠬᠤᠲᠠᠨ᠎ᠠ ᠵᠤᠬᠢᠶᠠᠨ ᠪᠠᠶᠢᠭᠤᠯᠤᠬᠳᠠᠨ᠎ᠠ᠃ ᠨᠠᠭᠠᠳᠤᠮ ᠤᠨ ᠦᠶ᠎ᠡ ᠪᠡᠷ ᠺᠢᠨᠣ᠋ ᠨᠠᠭᠠᠳᠤᠮ ᠤᠨ ᠨᠡᠭᠡᠭᠡᠯᠲᠡ ᠶᠢᠨ ᠶᠤᠰᠤᠯᠠᠯ᠂ ᠺᠢᠨᠣ᠋ ᠤᠷᠠᠯᠢᠬᠴᠢᠳ ᠤᠨ ᠤᠯᠠᠭᠠᠨ ᠬᠡᠪᠢᠰᠦᠨ ᠤ ᠶᠤᠰᠤᠯᠠᠯ᠂ ᠱᠠᠨᠭᠨᠠᠯ ᠭᠠᠷᠳᠠᠭᠤᠯᠬᠤ ᠶᠤᠰᠤᠯᠠᠯ᠂ ᠭᠤᠤᠯ ᠰᠡᠳᠦᠪᠲᠤ ᠺᠢᠨᠤ᠋ ᠶᠢᠨ ᠳᠡᠯᠭᠡᠨ ᠦᠵᠡᠭᠦᠯᠦᠯᠭᠡ ᠶᠢᠨ ᠴᠤᠪᠤᠷᠠᠯ ᠠᠵᠢᠯᠯᠠᠭ᠎ᠠ ᠪᠤᠯᠤᠨ ᠹᠤᠷᠦ᠋ᠮ ᠤᠨ ᠴᠤᠪᠤᠷᠠᠯ ᠠᠵᠢᠯᠯᠠᠭ᠎ᠠ ᠨᠤᠭᠤᠳ ᠵᠤᠬᠢᠶᠠᠨ ᠪᠠᠶᠢᠭᠤᠯᠤᠭᠳᠠᠬᠤ ᠪᠤᠯᠤᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121028439