蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ ᠬᠠᠭᠤᠴᠢᠨ ᠴᠢᠯᠠᠭᠤᠨ ᠵᠡᠪᠰᠡᠭ ᠤᠨ ᠦᠶ᠎ᠠ ᠶᠢᠨ ᠨᠢᠬᠡ ᠬᠡᠰᠡᠭ ᠭᠠᠷ ᠤᠨ ᠤᠷᠤᠮ ᠤᠨ ᠪᠤᠲᠤᠭᠲᠤ ᠬᠠᠲᠠᠨ ᠵᠢᠷᠤᠭ ᠢ ᠰᠢᠨ᠎ᠠ ᠪᠡᠷ ᠢᠯᠡᠷᠡᠭᠦᠯᠪᠠ

2017-05-25 17:46

    ᠰᠢᠨᠬᠤᠸᠠ ᠬᠤᠷᠢᠶ᠎ᠠ ᠬᠦᠬᠡᠬᠤᠲᠠ ᠶᠢᠢᠨ 5 ᠰᠠᠷ᠎ᠠ ᠶᠢᠨ 2 4 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠢᠦᠢ ᠵᠢᠶᠠ) ᠲᠡᠤᠬᠡ ᠶᠢᠨ ᠳᠤᠷᠠᠰᠬᠠᠯᠲᠤ ᠵᠦᠢᠯᠡᠰ ᠤᠨ ᠠᠷᠭᠢᠯᠤᠭᠢᠴᠢᠳ ᠲᠦᠷᠦᠭᠦᠬᠡᠨ ᠦᠪᠦᠷ ᠮᠣᠩᠭᠣᠯ ᠤ ᠦᠪᠡᠷᠲᠡᠭᠡᠨ ᠵᠠᠰᠠᠬᠤ ᠤᠷᠤᠨ ᠤ ᠠᠯᠠᠱᠠ ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠨᠢᠭᠡᠨ ᠠᠭᠤᠢ ᠡᠴᠡ ᠬᠠᠭᠤᠴᠢᠨ ᠴᠢᠯᠠᠭᠤᠨ ᠵᠡᠪᠰᠡᠭ ᠤᠨ ᠰᠡᠭᠦᠯᠴᠢ ᠶᠢᠨ ᠦᠶ᠎ᠠ ᠶᠢᠨ ᠭᠠᠷ ᠤᠨ ᠤᠷᠤᠮ ᠤᠨ ᠪᠤᠲᠤᠭᠲᠤ ᠬᠠᠳᠠᠨ ᠵᠢᠷᠤᠭ ᠢ ᠢᠯᠡᠷᠡᠭᠦᠯᠪᠠ᠃ ᠲᠤᠰᠬᠠᠢ ᠮᠡᠷᠭᠡᠵᠢᠯᠲᠠᠨ ᠤ ᠢᠯᠡᠷᠬᠡᠶᠢᠯᠡᠭᠰᠡᠨ ᠢᠶᠡᠷ᠂ ᠡᠳᠡᠭᠡᠷ ᠬᠠᠳᠠᠨ ᠵᠢᠷᠤᠭ ᠨᠢ ᠪᠠᠯᠠᠷ ᠡᠷᠲᠡᠨ ᠤ ᠱᠠᠰᠢᠨ ᠰᠤᠷᠲᠠᠬᠤᠨ ᠤ ᠶᠤᠰᠤᠯᠠᠯ ᠤᠨ ᠪᠡᠯᠭᠡᠳᠡᠯ ᠪᠤᠯᠬᠤ ᠪᠤᠯᠤᠮᠵᠢ ᠲᠠᠢ᠂ ᠪᠠᠳᠢ ᠶᠢᠨ ᠵᠢᠷᠠᠨ ᠤ ᠡᠯᠡᠰᠤᠨ ᠴᠦᠯ ᠤᠨ ᠪᠦᠰᠡ ᠨᠤᠲᠤᠭ ᠤᠨ ᠬᠦᠮᠦᠰ ᠤᠨ ᠠᠵᠢᠯᠯᠠᠭᠠᠨ ᠤ ᠲᠡᠤᠬᠡ ᠶᠢ ᠰᠤᠳᠤᠯᠬᠤ ᠳᠤ ᠦᠨᠡᠲᠤ ᠮᠠᠲ᠋ᠸᠷᠢᠶᠠᠯ ᠬᠠᠩᠭ᠋ᠠᠵᠠᠢ᠃

    ᠠᠯᠠᠱᠠ ᠪᠠᠷᠠᠭᠤᠨ ᠬᠤᠰᠢᠭᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠲᠤᠪᠴᠢᠶᠠᠨ ᠳᠠᠷᠤᠭ᠎ᠠ ᠹᠠᠨ ᠷᠦᠩ ᠨᠠᠨ ᠰᠤᠷᠪᠤᠯᠵᠢᠯᠠᠭ᠎ᠠ ᠬᠦᠯᠢᠶᠡᠵᠤ ᠢᠯᠡᠷᠬᠡᠶᠢᠯᠡᠭᠰᠡᠨ ᠢᠶᠡᠷ᠂ ᠲᠤᠰ ᠤᠳᠠᠭᠠᠨ ᠤ ᠰᠢᠨ᠎ᠠ ᠪᠡᠷ ᠢᠯᠡᠷᠡᠭᠦᠯᠦᠭᠰᠡᠨ ᠬᠠᠳᠠᠨ ᠵᠢᠷᠤᠭ ᠨᠢ ᠠᠯᠠᠱᠠ ᠪᠠᠷᠠᠭᠤᠨ ᠬᠤᠰᠢᠭᠤᠨ ᠤ ᠮᠠᠨᠳᠤᠯ ᠰᠤᠮᠤ ᠶᠢᠨ ᠰᠢᠯᠢ ᠶᠢᠨ ᠪᠤᠯᠠᠭ ᠭᠠᠴᠠᠭᠠᠨ ᠤ ᠨᠢᠭᠡᠨ ᠠᠭᠤᠯᠠᠨ ᠠᠭᠤᠢ ᠶᠢᠨ ᠬᠠᠨ᠎ᠠ ᠡᠴᠡ ᠢᠯᠡᠷᠡᠭᠦᠯᠵᠠᠢ᠂ ᠴᠢᠯᠠᠭᠤᠨ ᠠᠭᠤᠢ ᠶᠢᠨ ᠠᠮᠠᠰᠠᠷ ᠨᠢ ᠵᠡᠭᠦᠨᠰᠢ ᠪᠡᠨ ᠬᠠᠷᠠᠵᠤ᠂ ᠠᠭᠤᠢ ᠶᠢᠨ ᠠᠮᠠᠰᠠᠷ ᠤᠨ ᠦᠨᠳᠦᠷ ᠨᠢ 2.15 ᠮᠸᠲ᠋ᠷ᠂ ᠦᠷᠭᠡᠨ ᠨᠢ 3.4 ᠮᠸᠲ᠋ᠷ᠂ ᠬᠦᠨ ᠨᠢ 3.21 ᠮᠸᠲ᠋ᠷ᠂ ᠠᠭᠤᠢ ᠶᠢᠨ ᠳᠤᠲᠤᠷᠠᠬᠢ ᠴᠢᠯᠠᠭᠤᠨ ᠬᠠᠨ᠎ᠠ ᠳᠡᠭᠡᠷ᠎ᠠ 14 ᠬᠡᠰᠡᠭ ᠭᠠᠷ ᠤᠨ ᠤᠷᠤᠮ ᠤᠨ ᠪᠤᠲᠤᠭᠲᠤ ᠬᠠᠲᠠᠨ ᠵᠢᠷᠤᠭ ᠪᠠᠶᠢᠵᠤ᠂ ᠭᠠᠷ ᠤᠨ ᠤᠷᠤᠮ ᠤᠨ ᠡᠷᠭᠢᠨ ᠲᠤᠭᠤᠷᠢᠨ ᠳᠤ ᠨᠢ ᠬᠦᠷᠡᠩ ᠤᠯᠠᠭᠠᠨ ᠦᠩᠭᠡ ᠲᠠᠢ᠂ ᠭᠠᠷ ᠤᠨ ᠤᠷᠤᠮ ᠨᠢ ᠬᠠᠲᠠ ᠤ ᠦᠩᠭᠡ ᠲᠠᠢ ᠠᠳᠠᠯᠢ᠂ ᠵᠡᠭᠦᠨ ᠭᠠᠷ ᠤᠨ ᠤᠷᠤᠮ 13᠂ ᠡᠭᠦᠨ ᠤ 3 ᠨᠢ ᠭᠠᠷ ᠤᠨ ᠲᠤᠬᠤᠢ ᠲᠠᠢ᠃ ᠪᠠᠷᠠᠭᠤᠨ ᠭᠠᠷ ᠤᠨ ᠤᠷᠤᠮ 1 ᠪᠤᠢ᠃

    ᠡᠳᠡᠭᠡᠷ ᠭᠠᠷ ᠤᠨ ᠤᠷᠤᠮ ᠤᠨ ᠬᠠᠳᠠᠨ ᠵᠢᠷᠤᠭ ᠤᠨ ᠲᠤᠬᠠᠢ ᠳ᠋ᠦ ᠹᠠᠨ ᠷᠦᠩ ᠨᠠᠨ ᠢᠯᠡᠷᠬᠡᠶᠢᠯᠡᠭᠰᠡᠨ ᠨᠢ᠂ ᠠᠷᠭᠢᠯᠤᠭᠢᠴᠢᠳ ᠤᠨ ᠰᠤᠳᠤᠯᠭ᠎ᠠ ᠪᠤᠯᠤᠨ ᠲᠤᠬᠠᠢ ᠶᠢᠨ ᠤᠷᠤᠨ ᠤ ᠲᠡᠤᠬᠡ ᠶᠢᠨ ᠬᠦᠭ᠍ᠵᠢᠯᠲᠠ ᠶᠢᠨ ᠶᠠᠪᠤᠴᠠ ᠡᠴᠡ ᠠᠪᠴᠤ ᠦᠵᠡᠪᠠᠯ᠂ ᠡᠳᠡᠭᠡᠷ ᠬᠠᠲᠠᠨ ᠵᠢᠷᠤᠭ ᠨᠢ ᠡᠷᠲᠡᠨ ᠤ ᠱᠠᠰᠢᠨ ᠰᠤᠷᠲᠠᠬᠤᠨ ᠤ ᠶᠤᠰᠤᠯᠠᠯ ᠢ ᠲᠦᠯᠦᠭᠡᠯᠡᠵᠤ ᠪᠠᠶᠢᠬᠤ ᠪᠤᠯᠤᠮᠵᠢ ᠲᠠᠢ᠂ ᠡᠨᠡᠬᠦ ᠢᠯᠡᠷᠡᠭᠦᠯᠦᠯᠲᠠ ᠨᠢ ᠲᠤᠬᠠᠢ ᠶᠢᠨ ᠪᠦᠰᠡᠨ ᠨᠤᠲᠤᠭ ᠤᠨ ᠬᠦᠮᠦᠰ ᠤᠨ ᠠᠵᠢᠯᠯᠠᠭᠠᠨ ᠤ ᠲᠡᠤᠬᠡ ᠶᠢ ᠰᠤᠳᠤᠯᠬᠤ ᠳᠤ ᠦᠨᠡᠲᠤ ᠮᠠᠲ᠋ᠸᠷᠢᠶᠠᠯ ᠬᠠᠩᠭ᠋ᠠᠬᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121036890