蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠮᠣᠩᠭᠣᠯ ᠦᠨᠳᠦᠰᠦᠲᠡᠨ ᠤ ᠬᠡᠤᠬᠡᠳ ᠤᠨ ᠴᠡᠴᠡᠷᠯᠢᠭ᠌ ᠤᠨ 《6·1》 ᠢᠶᠡᠨ ᠤᠭᠳᠤᠨ ᠳᠡᠮᠳᠡᠭᠯᠡᠬᠦ ᠠᠵᠢᠯᠯᠠᠭ᠎ᠠ ᠪᠤᠯᠵᠦ ᠦᠩᠭᠡᠷᠡᠯ᠎ᠠ

2017-05-25 17:46

    ᠰᠢᠨᠬᠤᠸᠠ ᠮᠣᠩᠭᠣᠯ ᠨᠸᠲ  ᠬᠦᠬᠡᠬᠤᠲᠠ ᠶᠢᠨ 5 ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ ( ᠬᠡᠤᠬᠡᠨᠰᠤᠯᠢ )  25 ᠤ ᠡᠳᠦᠷ ᠤᠨ ᠦᠳᠡ ᠶᠢᠨ ᠡᠮᠦᠨ᠎ᠠ ᠬᠦᠬᠡᠬᠤᠲᠠ ᠶᠢᠨ ᠮᠣᠩᠭᠣᠯ ᠦᠨᠳᠦᠰᠦᠲᠡᠨ ᠤ ᠬᠡᠤᠬᠡᠳ ᠤᠨ ᠴᠡᠴᠡᠷᠯᠢᠭ᠌ ᠤᠨ ᠳᠤᠮᠳᠠ ᠠᠩᠭᠢ ᠶᠢᠨ《6·1》 ᠢᠶᠡᠨ ᠤᠭᠳᠤᠨ ᠳᠡᠮᠳᠡᠭᠯᠡᠬᠦ ᠠᠵᠢᠯᠯᠠᠭ᠎ᠠ ᠤᠳᠬ᠎ᠠ ᠲᠡᠭᠦᠯᠲᠡᠷ ᠪᠤᠯᠵᠤ ᠦᠩᠭᠡᠷᠡᠯ᠎ᠠ᠃

  《ᠢᠷᠦᠭᠡᠯ ᠢᠶᠡᠷ ᠤᠴᠠᠷᠠᠭᠰᠠᠨ ᠮᠢᠨᠦ ᠮᠣᠩᠭᠣᠯ》 ᠭᠡᠮᠡᠬᠦ ᠭᠤᠤᠯ ᠰᠡᠳᠦᠪ ᠤᠨ ᠳᠤᠭᠤᠷᠢᠨ ᠳᠤ ᠵᠤᠬᠢᠶᠠᠨ ᠪᠠᠶᠢᠭᠤᠯᠤᠭᠳᠠᠭᠰᠠᠨ ᠡᠨᠡᠬᠦ ᠠᠵᠢᠯᠯᠠᠭ᠎ᠠ ᠨᠢ ᠡᠬᠢᠯᠡᠯᠲᠡ ᠶᠢᠨ ᠶᠤᠰᠤᠯᠠᠯ᠂ ᠲᠠᠯᠠᠪᠠᠢ ᠳᠤ ᠤᠷᠤᠬᠤ ᠶᠤᠰᠤᠯᠠᠯ᠂ ᠤᠷᠠᠨ ᠰᠠᠶᠢᠬᠠᠨ ᠤ ᠲᠤᠭᠯᠠᠯᠲᠠ᠂ ᠬᠡᠷ ᠤᠨ ᠠᠬᠠᠮᠠᠳ ᠬᠢᠬᠡᠳ ᠬᠡᠤᠬᠡᠳ ᠤᠨ ᠰᠠᠭᠠᠳ ᠳᠠᠪᠠᠬᠤ ᠲᠤᠭᠯᠠᠭᠠᠮ ᠪᠤᠯᠤᠨ ᠭᠡᠷ ᠤᠨ ᠠᠬᠠᠮᠠᠳ ᠤᠨ ᠪᠦᠬᠡ ᠶᠢᠨ ᠪᠠᠷᠢᠯᠳᠤᠭᠠᠨ ᠵᠡᠷᠭᠡ ᠠᠯᠬᠤᠮ ᠳᠠᠷᠠᠭ᠎ᠠ ᠪᠡᠷ ᠶᠠᠪᠤᠭᠳᠠᠵᠠᠢ᠃ ᠤᠷ᠎ᠠ ᠠᠪᠢᠶᠠᠰ ᠢᠶᠡᠨ ᠭᠠᠶᠢᠬᠠᠭᠤᠯᠵᠤ ᠪᠠᠶᠢᠭ᠎ᠠ ᠡᠩᠬᠦᠷᠠᠢ ᠦᠷ᠎ᠠ ᠶᠢᠨ  ᠢᠶᠡᠨ ᠪᠡᠶᠡᠨ ᠡᠴᠡ ᠬᠡᠷ ᠤᠨ ᠠᠬᠠᠮᠠᠳ ᠤᠨ ᠳᠤᠯᠠᠭᠠᠬᠠᠨ ᠬᠠᠷᠠᠴᠠ ᠰᠠᠯᠵᠤ ᠶᠠᠳᠠᠨ ᠡᠷᠬᠢᠯᠳᠦᠵᠦ᠂ ᠬᠦᠳᠡᠯᠦᠯ ᠪᠠᠷᠢᠯ᠂ ᠦᠰᠦᠷᠤᠨ ᠲᠡᠪᠬᠡᠷᠡᠬᠦ ᠪᠦᠷᠢ ᠳᠤᠨᠢ ᠳᠠᠭᠠᠨ ᠪᠠᠶᠠᠰᠴᠤ᠂ ᠦᠶ᠎ᠠ ᠦᠶ᠎ᠠ ᠠᠯᠠᠭ᠎ᠠ ᠲᠠᠰᠢᠨ ᠵᠤᠷᠢᠭᠵᠢᠭᠤᠯᠤᠯ ᠤᠷᠠᠮᠰᠢᠭᠤᠯᠤᠯ ᠬᠠᠶᠢᠷᠠᠯᠠᠵᠤ ᠪᠠᠶᠢᠯ᠎ᠠ᠃ ᠭᠡᠷ ᠤᠨ ᠠᠬᠠᠮᠠᠳ ᠪᠦᠬᠦᠶᠢᠯᠡ ᠠᠵᠢᠯᠯᠠᠭᠠᠨ ᠤ ᠶᠠᠪᠤᠴᠠ ᠳᠤ ᠬᠡᠤᠬᠡᠳ ᠤᠳ ᠲᠠᠢ ᠪᠡᠨ ᠬᠠᠮᠲᠤ ᠤᠷᠤᠯᠴᠠᠵᠤ᠂ ᠭᠠᠷ ᠭᠠᠷ ᠡᠴᠡ ᠪᠡᠨ ᠬᠦᠲᠡᠯᠦᠯᠴᠡᠨ ᠳᠠᠭᠤᠯᠠᠨ ᠪᠦᠵᠢᠭᠯᠡᠵᠤ᠂ ᠬᠠᠮᠲᠤᠪᠠᠷ ᠰᠠᠭᠠᠳ ᠳᠠᠪᠠᠵᠤ ᠬᠡᠮᠵᠢᠶᠡᠯᠡᠰᠢ ᠦᠭᠡᠢ ᠠᠵᠠ ᠵᠢᠷᠭᠠᠯ᠂ ᠪᠠᠶᠠᠷ ᠪᠠᠶᠠᠰᠤᠯ ᠢ ᠠᠪᠴᠢᠷᠠᠵᠠᠢ᠃

 

ᠢᠷᠡᠯᠳᠡ᠄ ᠰᠢᠨᠬᠤᠸᠠ ᠮᠣᠩᠭᠣᠯ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121036926