蒙古文网站Logo
ᠰᠢᠨᠬᠤᠸᠠ ᠮᠤᠩᠭ᠋ᠤᠯ ᠨᠧᠲ

ᠬᠡᠥᠬᠡᠳ ᠤᠨ ᠪᠠᠶᠠᠷ ᠢ ᠪᠡᠯᠭᠡᠯᠡᠬᠦ 《ᠮᠤᠨᠭᠭᠤᠯ ᠰᠤᠶᠤᠯ ᠤᠨ ᠡᠳᠦᠷᠯᠢᠭ 》ᠬᠦᠬᠡᠬᠤᠳᠠ ᠳᠤ ᠶᠠᠪᠤᠭᠳᠠᠪᠠ

2017-05-29 12:36

    5 ᠰᠠᠷ᠎ᠠ ᠶᠢᠨ 28 ᠤ ᠦᠳᠡ ᠢᠢᠨ ᠬᠤᠢᠢᠨ᠎ᠠ᠂《ᠭᠤᠯᠤᠮᠳᠠ ᠰᠤᠶᠤᠯ ᠤᠨ ᠲᠦᠪ》 ᠪᠤᠯᠤᠨ ᠰᠢᠨᠬᠤᠧᠠ ᠨᠤᠮ ᠤᠨ ᠲᠡᠯᠭᠡᠭᠦᠷ ᠡᠴᠡ ᠬᠠᠮᠳᠤᠷᠠᠨ ᠡᠷᠬᠢᠯᠡᠭᠰᠡᠨ《6•1》 ᠤ᠋ ᠲᠡᠯᠡᠬᠡᠢ ᠢᠢᠨ ᠬᠡᠥᠬᠡᠳ ᠤᠨ ᠪᠠᠶᠠᠷ ᠢ ᠪᠡᠯᠭᠡᠯᠡᠬᠦ《ᠮᠤᠨᠭᠭᠤᠯ ᠰᠤᠶᠤᠯ ᠤᠨ ᠡᠳᠦᠷᠯᠢᠭ》 ᠤᠨ ᠠᠵᠢᠯᠯᠠᠭ᠎ᠠ ᠬᠦᠬᠡᠬᠤᠳᠠ ᠢᠢᠨ ᠰᠢᠨᠬᠤᠧᠠ ᠨᠤᠮ ᠤᠨ ᠲᠡᠯᠭᠡᠭᠦᠷ ᠲᠤ ᠬᠦᠷ ᠬᠦᠭ᠍ᠵᠢᠶᠡᠨᠳᠡᠢ ᠶᠠᠪᠤᠭᠳᠠᠯ᠎ᠠ᠃

    ᠲᠤᠰ ᠡᠳᠤᠷ᠂ ᠰᠢᠨᠬᠤᠧᠠ ᠨᠤᠮ ᠤᠨ ᠲᠡᠯᠭᠡᠭᠦᠷ ᠨᠢ ᠮᠤᠨᠭᠭᠤᠯ ᠰᠤᠶᠤᠯ ᠤᠨ ᠠᠭᠤᠷ ᠠᠮᠢᠰᠬᠤᠯ ᠢᠶᠡᠷ ᠪᠢᠯᠬᠠᠵᠦ᠂ ᠮᠤᠷᠢᠨ ᠬᠤᠭᠤᠷ ᠤᠨ ᠤᠶᠠᠩᠭᠠᠳᠤ ᠡᠭᠡᠰᠢᠭ᠌ ᠬᠠᠩᠬᠢᠨᠠᠨ᠂ ᠰᠤᠶᠤᠯ ᠤᠨ ᠲᠦᠪ ᠤᠨ ᠬᠡᠥᠬᠡᠳ ᠮᠡᠯᠮᠡᠢ ᠨᠡᠷ ᠡᠴᠡ ᠲᠤᠭᠯᠠᠭᠰᠠᠨ ᠠᠪᠢᠶᠠᠰᠯᠢᠭ ᠲᠤᠭᠯᠠᠯᠲᠠ᠂《ᠭᠤᠯᠤᠮᠳᠠ ᠰᠤᠶᠤᠯ ᠤᠨ ᠲᠦᠪ》 ᠤᠨ ᠪᠠᠭᠰᠢ ᠨᠡᠷ ᠤᠨ ᠨᠠᠢᠢᠷᠠᠭᠤᠯᠵᠦ ᠲᠤᠭᠯᠠᠭᠰᠠᠨ ᠬᠡᠦᠬᠡᠯᠲᠡᠢ ᠵᠦᠴᠦᠭᠡ 《ᠡᠷᠡᠭᠡᠢ ᠮᠡᠷᠭᠡᠨ ᠬᠠᠷᠪᠤᠭᠠᠴᠢ》᠂ ᠤᠯᠠᠮᠵᠢᠯᠠᠯᠲᠤ ᠱᠠᠭ᠎ᠠ ᠨᠠᠭᠠᠳᠤᠮ᠂ ᠬᠡᠷ ᠤᠨ ᠠᠬᠠᠮᠠᠳ ᠪᠤᠯᠤᠨ ᠬᠡᠦᠬᠡᠳ ᠤᠨ ᠬᠦᠭ᠍ᠵᠢᠶᠡᠨᠳᠦ ᠲᠡᠮᠡᠴᠡᠭᠡᠨ᠂ ᠤᠷ᠎ᠠ ᠴᠢᠳᠠᠪᠤᠷᠢ ᠢᠢᠨ ᠤᠷᠤᠯᠳᠤᠭᠠᠨ ᠵᠡᠷᠭᠡ ᠤᠯᠠᠨ ᠰᠠᠢᠢᠬᠠᠨ ᠠᠭᠤᠯᠭ᠎ᠠ ᠢᠢᠨ ᠲᠤᠭᠤᠷᠢᠨ ᠳᠤ ᠶᠠᠪᠤᠭᠳᠠᠵᠦ᠂ ᠤᠨᠠᠭᠠᠨ ᠨᠠᠰᠤᠨ ᠳᠤ ᠪᠠᠶᠠᠰᠤᠯ ᠪᠢᠯᠬᠠᠭᠤᠯᠵᠦ᠂ ᠤᠬᠠᠭᠠᠨ ᠨᠤᠮ ᠳᠤ ᠪᠢᠯᠢᠭ᠌ ᠰᠤᠶᠤᠷᠬᠠᠭᠰᠠᠨ ᠤᠳᠬ᠎ᠠ ᠲᠡᠭᠦᠯᠳᠡᠷ ᠠᠵᠢᠯᠯᠠᠭ᠎ᠠ ᠪᠤᠯᠪᠠ᠃ (ᠮᠦᠩᠬᠦᠨᠳᠤᠶᠠᠭ᠎ᠠ᠂ ᠰᠠᠷᠠᠭᠤᠯ)

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120701121055290