蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ · ᠪᠠᠶᠠᠨᠨᠠᠭᠤᠷ ᠤᠨ ᠯᠤᠤᠲᠤ ᠵᠠᠪᠢ ᠶᠢᠨ ᠤᠷᠤᠯᠳᠤᠭᠠᠨ ᠶᠠᠪᠤᠭᠳᠠᠪᠠ

2017-05-31 11:22

    5 ᠰᠠᠷ᠎ᠠ ᠶᠢᠨ 30 ᠤ ᠡᠳᠦᠷ᠂ 2017 ᠲᠠᠪᠤᠨ ᠰᠠᠷ᠎ᠠ ᠶᠢᠨ ᠰᠢᠨ᠎ᠠ ᠶᠢᠨ ᠲᠠᠪᠤᠨ ᠤ ᠪᠠᠶᠠᠷ ᠳᠤᠮᠳᠠᠳᠤ ᠤᠯᠤᠰ·ᠪᠠᠶᠠᠨᠨᠠᠭᠤᠷ ᠤᠨ ᠬᠠᠲᠤᠨ ᠭᠤᠤᠯ  ᠪᠤᠷᠤ ᠲᠤᠬᠤᠢ ᠶᠢᠨ ᠰᠤᠶᠤᠯ ᠤᠨ ᠵᠢᠭᠤᠯᠴᠢᠯᠠᠯ ᠤᠨ ᠪᠦᠰᠡ ᠶᠢᠨ ᠯᠤᠤᠲᠤ ᠵᠠᠪᠢ ᠶᠢᠨ ᠤᠷᠤᠯᠳᠤᠭᠠᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠠᠶᠠᠨᠨᠠᠭᠤᠷ ᠬᠤᠲᠠ ᠶᠢᠨ ᠬᠠᠲᠤᠨ ᠭᠤᠤᠯ ᠤᠨ ᠶᠡᠷᠦᠩᠬᠡᠢ ᠰᠤᠪᠠᠭ ᠤᠨ ᠭᠤᠯᠳᠤᠷᠢᠯ ᠳᠤ ᠶᠠᠪᠤᠭᠳᠠᠪᠠ᠃ ᠲᠤᠰ ᠤᠳᠠᠭᠠᠨ ᠤ ᠯᠤᠤᠲᠤ ᠵᠠᠪᠢ ᠶᠢᠨ ᠤᠷᠤᠯᠳᠤᠭᠠᠨ ᠳᠤ ᠭᠤᠤᠯᠳᠠᠭᠤ 22 ᠬᠦᠮᠦᠨ ᠤ ᠯᠤᠤᠲᠤ ᠵᠠᠪᠢ ᠶᠢᠨ 300 ᠮᠸᠲ᠋ᠷ ᠤᠨ ᠰᠢᠯᠤᠭᠤᠨ ᠵᠠᠮ ᠤᠨ ᠤᠷᠤᠯᠳᠤᠭᠠᠨ ᠪᠤᠯᠤᠨ 12 ᠬᠦᠮᠦᠨ ᠤ 300 ᠮᠸᠲ᠋ᠷ ᠤᠨ ᠰᠢᠯᠤᠭᠤᠨ ᠵᠠᠮ ᠤᠨ ᠤᠷᠤᠯᠳᠤᠭᠠᠨ ᠲᠤᠬᠢᠷᠠᠭᠤᠯᠵᠤ᠂ ᠵᠢᠷᠭᠤᠭᠠᠨ ᠤᠷᠤᠯᠳᠤᠭᠠᠨ ᠤ ᠵᠠᠮ ᠲᠠᠢ᠃ ᠬᠤᠨᠠᠨ᠂ ᠱᠠᠩᠬᠠᠢ᠂ ᠵᠸᠵᠢᠶᠠᠩ᠂ ᠶᠦᠨᠨᠡᠨ᠂ ᠦᠪᠦᠷ ᠮᠣᠩᠭᠣᠯ ᠵᠡᠷᠭᠡ ᠮᠤᠵᠢ᠂ ᠬᠤᠲᠠ᠂ ᠦᠪᠡᠷᠲᠡᠭᠡᠨ ᠵᠠᠰᠠᠬᠤ ᠤᠷᠤᠨ ᠤ 27 ᠲᠦᠯᠦᠭᠡᠯᠡᠬᠦ ᠪᠠᠭ ᠤᠨ ᠬᠢᠨ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃

    ᠤᠮᠠᠷᠠᠲᠤ ᠪᠦᠰᠡ ᠨᠤᠲᠤᠭ ᠤᠨ ᠤᠰᠤᠨ ᠰᠢᠰᠲ᠋ᠸᠮ ᠡᠮᠦᠨᠡᠲᠤ ᠤᠷᠤᠨ ᠤ ᠬᠢᠷᠢ ᠬᠦᠭ᠍ᠵᠢᠭᠰᠡᠨ ᠦᠭᠡᠢ ᠪᠤᠯᠪᠠᠴᠤ ᠬᠠᠲᠤᠨ ᠭᠤᠤᠯ ᠪᠤᠷᠦ ᠲᠤᠬᠤᠢ ᠶᠢᠨ ᠪᠦᠰᠡ ᠪᠡᠷ ᠪᠠᠶᠢᠷᠢᠯᠠᠵᠤ ᠪᠠᠶᠢᠭ᠎ᠠ ᠪᠠᠶᠠᠨᠨᠠᠭᠤᠷ ᠬᠤᠳᠠ ᠶᠢᠨ ᠤᠰᠤᠨ ᠤ ᠡᠬᠢ ᠰᠤᠷᠪᠤᠯᠵᠢ ᠡᠯᠪᠡᠭ᠌ ᠲᠤᠯᠠ ᠯᠤᠤᠲᠤ ᠵᠠᠪᠢ ᠶᠢᠨ ᠤᠷᠤᠯᠳᠤᠭᠠᠨ ᠵᠤᠬᠢᠶᠠᠨ ᠪᠠᠶᠢᠭᠤᠯᠬᠤ ᠳᠤ ᠠᠰᠢᠭᠲᠠᠢ ᠨᠦᠬᠦᠴᠡᠯ ᠢ ᠪᠦᠷᠢᠯᠳᠤᠭᠦᠯᠵᠠᠢ᠃ ᠲᠤᠬᠠᠢ ᠶᠢᠨ ᠪᠦᠰᠡ ᠨᠤᠲᠤᠭ  2014 ᠤᠨ ᠡᠴᠡ ᠡᠬᠢᠯᠡᠨ ᠲᠠᠪᠤᠨ ᠰᠠᠷ᠎ᠠ ᠶᠢᠨ ᠰᠢᠨ᠎ᠠ ᠶᠢᠨ ᠲᠠᠪᠤᠨ ᠤ ᠯᠤᠤᠲᠤ ᠵᠠᠪᠢ ᠶᠢᠨ ᠤᠷᠤᠯᠳᠤᠭᠠᠨ ᠢ ᠵᠤᠬᠢᠶᠠᠨ ᠪᠠᠶᠢᠭᠤᠯᠵᠤ᠂ ᠡᠮᠦᠨᠡᠲᠤ ᠤᠷᠤᠨ ᠢᠶᠡᠷ ᠳᠡᠯᠭᠡᠷᠡᠨ ᠶᠠᠪᠤᠭᠳᠠᠳᠠᠭ ᠤᠯᠠᠮᠵᠢᠯᠠᠯᠲᠤ ᠰᠫᠤᠷᠲ ᠤᠨ ᠠᠵᠢᠯᠯᠠᠭ᠎ᠠ ᠶᠢ ᠤᠮᠠᠷᠠᠲᠤ ᠬᠢᠯᠢ ᠬᠢᠵᠠᠭᠠᠷ ᠤᠨ ᠴᠦᠬᠡᠨ ᠲᠤᠭᠠᠲᠤ ᠦᠨᠳᠦᠰᠦᠲᠡᠨ ᠤ ᠪᠦᠰᠡ ᠨᠤᠲᠤᠭ ᠢᠶᠡᠷ ᠳᠡᠯᠭᠡᠷᠡᠭᠦᠯᠦᠨ ᠤᠯᠠᠮᠵᠢᠯᠠᠵᠤ᠂ ᠢᠷᠭᠡᠳ ᠤᠨ ᠬᠠᠯᠠᠭᠤᠨ ᠬᠦᠷᠢᠶᠡᠯᠡᠯ ᠢ ᠤᠯᠵᠠᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121062106