蒙古文网站Logo
ᠰᠢᠨᠬᠤᠸᠠ ᠮᠤᠩᠭ᠋ᠤᠯ ᠨᠧᠲ

ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ

2017-06-01 16:03

    ᠰᠢᠨᠬᠤᠸᠠ ᠮᠣᠩ᠋ᠭᠤᠯ ᠨᠧᠲ  ᠬᠦᠬᠡᠬᠤᠲᠠ ᠶᠢᠨ 6 ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ (ᠰᠤᠷᠤᠶ᠎ᠠ) 1 ᠤ ᠡᠳᠦᠷ᠂ ᠥᠪᠦᠷ ᠮᠣᠩᠭ᠋ᠤᠯ ᠤᠨ ᠨᠤᠮ ᠤᠨ ᠰᠠᠩ ᠪᠤᠯᠤᠨ ᠬᠦᠬᠡᠬᠤᠲᠠ ᠶᠢᠨ ᠰᠠᠶᠢᠬᠠᠨ ᠲᠤᠭᠤᠷᠢᠭ ᠤᠨ ᠮᠣᠩᠭ᠋ᠤᠯ ᠬᠡᠤᠬᠡᠳ ᠤᠨ ᠴᠡᠴᠡᠷᠯᠢᠭ᠌᠌ ᠡᠴᠡ ᠬᠠᠮᠲᠤᠷᠠᠨ ᠵᠣᠬᠢᠶᠠᠨ ᠪᠠᠶᠢᠭᠤᠯᠤᠭᠰᠠᠨ ᠨᠤᠮ ᠤᠩᠰᠢᠬᠤ ᠠᠵᠢᠯᠯᠠᠭ᠎ᠠ ᠥᠪᠦᠷ ᠮᠣᠩᠭ᠋ᠤᠯ ᠤᠨ ᠨᠤᠮ ᠤᠨ ᠰᠠᠩ ᠳᠤ ᠠᠮᠵᠢᠯᠲᠠ ᠲᠠᠢ ᠪᠤᠯᠵᠤ ᠦᠩᠭᠡᠷᠡᠯ᠎ᠠ᠃

    ᠮᠣᠩᠭ᠋ᠤᠯ ᠬᠡᠤᠬᠡᠳ  ᠢᠶᠡᠨ ᠪᠠᠶᠠᠷ ᠬᠦᠷ ᠲᠠᠢ᠂ ᠤᠳᠬ᠎ᠠ ᠠᠭᠤᠯᠭ᠎ᠠ ᠲᠠᠢ ᠪᠡᠷ ᠵᠢᠷᠭᠤᠭᠠᠨ ᠰᠠᠷ᠎ᠠ ᠶᠢᠨ ᠨᠢᠬᠡᠨ ᠤ ᠳᠡᠯᠡᠬᠡᠢ ᠶᠢᠨ ᠬᠡᠤᠬᠡᠳ ᠤᠨ ᠪᠠᠶᠠᠷ ᠢ ᠨᠢ ᠦᠩᠭᠡᠷᠡᠭᠦᠯᠬᠦ ᠶᠢᠨ ᠲᠦᠯᠦᠬᠡ ᠥᠪᠦᠷ ᠮᠣᠩᠭ᠋ᠤᠯ ᠤᠨ ᠨᠤᠮ ᠤᠨ ᠰᠠᠩ ᠬᠦᠬᠡᠬᠤᠲᠠ ᠶᠢᠨ ᠰᠠᠶᠢᠬᠠᠨ ᠲᠤᠭᠤᠷᠢᠭ ᠤᠨ ᠮᠣᠩᠭ᠋ᠤᠯ ᠬᠡᠤᠬᠡᠳ ᠤᠨ ᠴᠡᠴᠡᠷᠯᠢᠭ᠌᠌ ᠲᠠᠢ ᠬᠠᠮᠲᠤᠷᠠᠨ ᠨᠤᠮ ᠤᠩᠰᠢᠬᠤ ᠠᠵᠢᠯᠯᠠᠭ᠎ᠠ ᠵᠣᠬᠢᠶᠠᠨ ᠪᠠᠶᠢᠭᠤᠯᠵᠡᠢ᠃ ᠡᠬᠦᠨ ᠤ ᠵᠣᠷᠢᠯᠲᠠ ᠨᠢ᠂ ᠬᠡᠤᠬᠡᠳ ᠢ ᠬᠠᠷᠠᠬᠠᠨ ᠪᠠᠭ᠎ᠠ ᠡᠴᠡ ᠨᠢ ᠨᠤᠮ ᠤᠨ ᠰᠠᠩ ᠲᠠᠢ ᠲᠠᠨᠢᠯᠴᠠᠭᠤᠯᠵᠤ᠂ ᠨᠤᠮ ᠲᠠᠢ ᠬᠠᠨᠢᠯᠠᠭᠤᠯᠤᠨ᠂ ᠨᠤᠮ ᠢᠶᠡᠷ ᠠᠮᠢᠳᠤᠷᠠᠯ ᠢ ᠨᠢ ᠦᠩᠭᠡᠯᠡᠵᠤ᠂ ᠪᠠᠶᠠᠷ ᠪᠠᠬᠠᠳᠤᠯ᠂ ᠵᠤᠯ ᠵᠢᠷᠭᠠᠯ ᠲᠠᠢ ᠦᠰᠦᠨ ᠪᠤᠶᠢᠵᠢᠭᠤᠯᠬᠤ ᠶᠢᠨ ᠲᠦᠯᠦᠬᠡ ᠶᠤᠮ᠃

    ᠠᠵᠢᠯᠯᠠᠭ᠎ᠠ ᠪᠡᠷ᠂ ᠵᠢᠭᠠᠯ ᠬᠡᠤᠬᠡᠳ ᠤᠳ ᠮᠠᠨᠢ ᠨᠤᠮ ᠤᠨ ᠰᠠᠩ ᠤᠨ ᠠᠵᠢᠯᠲᠠᠨ ᠤ ᠳᠠᠭᠠᠭᠤᠯᠤᠯ ᠳᠤᠤᠷ᠎ᠠ ᠨᠤᠮ ᠤᠨ ᠰᠠᠩ ᠡᠴᠡ ᠨᠤᠮ ᠤᠨ ᠺᠠᠷᠲ ᠬᠡᠷᠬᠢᠨ ᠨᠡᠭᠡᠭᠡᠬᠦ᠂ ᠬᠡᠷᠬᠢᠨ ᠨᠤᠮ ᠵᠢᠬᠡᠯᠡᠬᠦ᠂ ᠵᠢᠬᠡᠯᠡᠭᠰᠡᠨ ᠨᠤᠮ ᠢᠶᠡᠨ ᠬᠡᠷᠬᠢᠨ ᠪᠤᠴᠠᠭᠠᠬᠤ᠂ ᠬᠡᠷᠡᠭᠰᠡᠬᠦ ᠴᠢᠬᠤᠯᠠᠲᠠᠢ ᠨᠤᠮ ᠢᠶᠡᠨ ᠬᠡᠷᠬᠢᠨ ᠰᠤᠩᠭ᠋ᠤᠬᠤ ᠵᠡᠷᠭᠡ ᠴᠢᠳᠠᠪᠬᠢ ᠶᠢ ᠤᠶᠢᠯᠠᠭᠠᠭᠰᠠᠨ ᠪᠦᠭᠡᠳ ᠨᠤᠮ ᠤᠨ ᠰᠠᠩ ᠤᠨ ᠡᠯ᠎ᠠ ᠲᠠᠰᠤᠭ ᠢᠶᠡᠷ ᠲᠤᠭᠤᠷᠢᠨ ᠰᠤᠨᠢᠷᠬᠠᠵᠤ ᠬᠠᠷᠠᠭ᠎ᠠ ᠪᠡᠨ ᠲᠡᠯᠡᠵᠡᠢ᠃ ᠡᠬᠦᠨ ᠡᠴᠡ ᠭᠠᠳᠠᠨ᠎ᠠ᠂ ᠬᠡᠤᠬᠡᠳ ᠤᠨ ᠴᠡᠴᠡᠷᠯᠢᠭ᠌᠌  ᠤᠨ ᠪᠠᠭᠰᠢ ᠨᠠᠷ ᠬᠡᠤᠬᠡᠳ ᠤᠳ ᠲᠡᠬᠡᠨ ᠰᠢᠯᠢᠳᠡᠭ ᠰᠠᠶᠢᠬᠠᠨ ᠮᠣᠩ᠋ᠭᠤᠯ ᠦᠯᠢᠬᠡᠷ ᠤᠨ ᠨᠤᠮ ᠰᠤᠩ᠋ᠭᠤᠨ ᠤᠩᠰᠢᠭᠤᠯᠤᠭᠰᠠᠨ ᠪᠦᠭᠡᠳ ᠬᠦᠬᠡᠷᠦᠬᠦᠨ ᠵᠢᠭᠠᠯ ᠤᠳ ᠤᠷᠠᠨ ᠰᠠᠶᠢᠬᠠᠨ ᠤ ᠲᠤᠭᠯᠠᠯᠲᠠ ᠭᠠᠷᠭᠠᠨ ᠤᠷ᠎ᠠ ᠠᠪᠢᠶᠠᠰ ᠂ ᠤᠬᠠᠭᠠᠨ ᠪᠢᠯᠢᠭ᠌  ᠢᠶᠡᠨ ᠰᠣᠷᠢᠪᠠ᠃

ᠦᠨᠳᠤᠰᠦᠲᠠᠨ ᠤ ᠪᠡᠨ ᠬᠤᠪᠴᠠᠰᠤ ᠵᠠᠰᠠᠯ ᠢᠶᠡᠷ ᠭᠤᠶᠤᠭᠰᠠᠨ ᠵᠢᠭᠠᠯ ᠬᠡᠤᠬᠡᠳ ᠤᠳ ᠪᠠ ᠬᠡᠷ ᠤᠨ ᠠᠬᠠᠮᠠᠳ

ᠨᠤᠮ ᠤᠨ ᠰᠠᠩ ᠤᠨ ᠠᠵᠢᠯᠲᠠᠨ ᠡᠴᠡ ᠬᠡᠤᠬᠡᠳ ᠤᠳ ᠲᠤ ᠨᠤᠮ ᠵᠢᠭᠡᠯᠡᠬᠦ ᠪᠠ ᠵᠢᠭᠡᠯᠡᠭᠰᠡᠨ ᠨᠤᠮ ᠢᠶᠡᠨ ᠪᠤᠴᠠᠭᠠᠬᠤ ᠶᠠᠪᠤᠴᠠ ᠶᠢ ᠵᠢᠭᠠᠵᠤ ᠪᠤᠢ

ᠮᠣᠩ᠋ᠭᠤᠯ ᠦᠯᠢᠬᠡᠷ ᠤᠨ ᠨᠤᠮ ᠳᠤ ᠰᠤᠨᠢᠷᠬᠠᠯ ᠲᠠᠳᠠᠭᠳᠠᠭᠰᠠᠨ ᠵᠢᠭᠠᠯ

ᠤᠷᠠᠨ ᠰᠠᠶᠢᠬᠠᠨ ᠤ ᠲᠤᠬᠯᠠᠯᠲᠠ

ᠢᠷᠡᠯᠳᠡ᠄ ᠰᠢᠨᠬᠤᠸᠠ ᠮᠣᠩ᠋ᠭᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011120691121070211