蒙古文网站Logo
ᠰᠢᠨᠬᠤᠸᠠ ᠮᠤᠩᠭ᠋ᠤᠯ ᠨᠧᠲ

ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠢᠨ《ᠬᠡᠦᠬᠡᠳ ᠤᠨ ᠪᠠᠶᠠᠷ》 ᠢᠶᠡᠨ  ᠪᠡᠯᠭᠡᠯᠡᠪᠡ

2017-06-01 16:07

    ᠰᠢᠨᠬᠤᠧᠠ ᠮᠤᠩᠭᠤᠯ ᠨᠧᠲ  ᠡᠮᠦᠨᠡᠲᠦ ᠭᠤᠷᠯᠤᠰ ᠤᠨ 6 ᠰᠠᠷ᠎ᠠ ᠶᠢᠨ 1  ᠤ ᠡᠲᠦᠷ ᠤᠨ ᠴᠠᠬᠢᠯᠭᠠᠨ ᠮᠡᠲᠡᠭᠡ ( ᠬ᠂ ᠦᠵᠡᠰᠭᠦᠯᠡᠩ )  《ᠬᠡᠦᠬᠡᠳ ᠤᠨ ᠪᠠᠶᠠᠷ》 ᠢ᠋ᠶ᠋ᠡᠷ᠂ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠬᠢᠴᠢᠶᠠᠯ ᠤᠨ ᠵᠠᠪᠰᠠᠷᠯᠠᠭ᠎ᠠ ᠶᠢᠨ ᠪᠠᠶ᠎ᠠ ᠶᠢᠨ ᠲᠠᠮᠢᠷ ᠤᠨ ᠤᠷᠤᠯᠲᠤᠭᠠᠨ ᠵᠤᠬᠢᠶᠠᠨ ᠪᠠᠶᠢᠭᠤᠯᠪᠠ᠃

    ᠤᠶᠢᠯᠠᠭᠠᠭᠰᠠᠨ ᠢᠶᠡᠷ᠂ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠬᠡᠦᠬᠡᠳ ᠪᠠᠭᠠᠴᠤᠳ ᠤᠨ ᠬᠢᠴᠢᠶᠠᠯ ᠤᠨ ᠵᠠᠪᠰᠠᠷᠯᠠᠭ᠎ᠠ ᠶᠢᠨ ᠪᠠᠶ᠎ᠠ ᠶᠢᠨ ᠲᠠᠮᠢᠷ ᠤᠨ ᠠᠭᠤᠯᠭ᠎ᠠ ᠪᠠ ᠬᠡᠯᠪᠡᠷᠢ ᠶᠢ ᠤᠯᠠᠮ ᠪᠠᠶᠠᠯᠢᠭᠵᠢᠭᠤᠯᠬᠤ ᠪᠡᠷ 《ᠴᠢᠩᠬᠢᠰ ᠤᠨ ᠮᠠᠭᠲᠠᠭᠠᠯ》ᠲᠠᠭᠤᠨ ᠳ᠋ᠤ ᠬᠡᠦᠬᠡᠳ ᠤᠨ ᠪᠦᠵᠢᠭ ᠨᠠᠶᠢᠷᠠᠭᠤᠯᠵᠤ᠂ ᠰᠠᠷ᠎ᠠ ᠭᠠᠷᠤᠢ ᠶᠢᠨ ᠬᠤᠭᠤᠴᠠᠭᠠᠨ ᠳ᠋ᠤ ᠪᠦᠬᠦ ᠰᠤᠷᠭᠠᠭᠤᠯᠢ ᠶᠢᠨ ᠬᠡᠪᠴᠢᠶᠠᠨ ᠳ᠋ᠤ ᠪᠤᠯᠪᠠᠰᠤᠷᠠᠠ ᠤᠷᠤᠯᠲᠤᠵᠤ ᠪᠠᠶᠢᠭ᠎ᠠ ᠶᠤᠮ᠃

    ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠪᠤᠯ 1987 ᠤᠨ ᠳ᠋ᠤ ᠪᠠᠶᠢᠭᠤᠯᠤᠭᠲᠠᠭᠰᠠᠨ ᠭᠢᠷᠢᠨ ᠮᠤᠵᠢ ᠶᠢᠨ ᠴᠤᠷ ᠤᠨ ᠭᠠᠭᠴᠠ ᠬᠢᠲᠠᠳ ᠢᠶᠡᠷ ᠬᠢᠴᠢᠶᠡᠯᠯᠡᠬᠦ ᠪᠡᠷ ᠭᠤᠤᠯᠯᠠᠵᠤ᠂ ᠮᠤᠩᠭᠤᠯ ᠬᠡᠯᠡ ᠨᠡᠮᠡᠵᠦ ᠰᠤᠷᠬᠤ ᠲᠤᠷᠰᠢᠯᠲᠠ ᠶᠢᠨ ᠪᠠᠭ᠎ᠠ ᠰᠤᠷᠭᠠᠭᠤᠯᠢ ᠪᠤᠯᠤᠨ᠎ᠠ᠃ ᠲᠤᠰ ᠰᠤᠷᠭᠠᠭᠤᠯᠢ ᠨᠢ ᠮᠤᠩᠭᠤᠯ ᠦᠨᠳᠦᠰᠦᠲᠡᠨ ᠤ ᠤᠨᠴᠠᠯᠢᠭᠲᠤ ᠰᠤᠷᠭᠠᠭᠤᠯᠢ ᠶᠢᠨ ᠬᠦᠷᠢᠶᠠᠨ ᠤ ᠰᠤᠶᠤᠯ ᠤᠨ ᠠᠮᠢᠲᠤᠷᠠᠯ ᠢ ᠪᠤᠢ ᠪᠤᠯᠭᠠᠬᠤ ᠪᠡᠷ ᠰᠤᠷ ᠬᠠᠷᠪᠤᠭᠠᠨ ᠤ ᠪᠠᠭ ᠵᠤᠬᠢᠶᠠᠨ ᠪᠠᠶᠢᠭᠤᠯᠬᠤ᠂ ᠮᠤᠩᠭᠤᠯ ᠬᠡᠯᠡᠨ ᠤ ᠰᠢᠯᠦᠭ ᠤᠨ ᠤᠷᠤᠯᠲᠤᠭᠠᠨ᠂《ᠰᠠᠷᠠᠯᠠᠩ》ᠤᠷᠠᠯᠢᠭ ᠤᠨ ᠪᠦᠯᠬᠦᠮ ᠤᠨ ᠮᠤᠷᠢᠨ ᠬᠤᠭᠤᠷ ᠤᠨ ᠠᠩᠬᠢ ᠵᠡᠷᠭᠡ ᠠᠷᠭ᠎ᠠ ᠬᠡᠮᠵᠢᠶ᠎ᠠ ᠵᠤᠬᠢᠶᠠᠨ ᠪᠠᠶᠢᠭᠤᠯᠵᠤ᠂ ᠮᠤᠩᠭᠤᠯ ᠦᠨᠳᠦᠰᠦᠲᠡᠨ ᠤ ᠬᠡᠦᠬᠡᠳ ᠪᠠᠭᠠᠴᠤᠳ ᠲᠤ ᠮᠤᠩᠭᠤᠯ ᠦᠨᠳᠦᠰᠦᠲᠡᠨ ᠤ ᠰᠤᠶᠤᠯ ᠢ ᠤᠯᠠᠮᠵᠢᠯᠠᠨ ᠲᠠᠨᠢᠭᠤᠯᠵᠤ᠂ ᠦᠪᠯᠡᠨ ᠵᠠᠯᠭᠠᠮᠵᠢᠯᠠᠭᠤᠯᠬᠤ ᠪᠡᠷ ᠴᠢᠷᠮᠠᠶᠢᠨ ᠠᠵᠢᠯᠯᠠᠵᠤ ᠪᠠᠶᠢᠨ᠎ᠠ᠃ (ᠵᠢᠷᠤᠭ ᠢ ᠰᠢᠨᠬᠤᠧᠠ ᠮᠤᠩᠭᠤᠯ ᠨᠧᠲ ᠤᠨ ᠬ᠂ ᠦᠵᠡᠰᠭᠦᠯᠡᠩ)

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121070282