蒙古文网站Logo
ᠰᠢᠨᠬᠤᠸᠠ ᠮᠤᠩᠭ᠋ᠤᠯ ᠨᠧᠲ

《ᠬᠦᠬᠡ ᠮᠤᠩᠭᠤᠯ ᠨᠤᠲᠤᠭ》ᠵᠢᠭᠤᠯᠴᠢᠯᠠᠯ ᠤᠨ ᠭᠠᠵᠠᠷ ᠨᠡᠬᠡᠬᠡᠯᠲᠡ ᠪᠠᠨ ᠬᠢᠯ᠎ᠡ

2017-06-06 11:15

    ᠰᠢᠨᠬᠤᠧᠠ ᠮᠤᠩᠭᠤᠯ ᠨᠧᠲ  ᠬᠦᠬᠡᠬᠤᠲᠠ ᠶᠢᠨ 6 ᠰᠠᠷ᠎ᠠ ᠶᠢᠨ 6 ᠤ ᠡᠲᠦᠷ ᠤᠨ ᠴᠠᠬᠢᠯᠭᠠᠨ ᠮᠡᠲᠡᠭᠡ  ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠵᠡᠬᠦᠨ ᠦᠵᠦᠮᠦᠴᠢᠨ ᠬᠤᠰᠢᠭᠤᠨ ᠤ ᠮᠠᠨᠲᠤᠬᠤᠪᠤᠯᠠᠭ ᠪᠠᠯᠭᠠᠰᠤᠨ ᠤ ᠪᠠᠶᠠᠨ ᠪᠦᠷᠢᠲᠦ ᠭᠠᠴᠠᠭᠠᠨ ᠤ ᠮᠠᠯᠴᠢᠨ ᠵᠢᠷᠤᠭᠴᠢᠨ ᠪᠠᠶᠠᠷᠲᠤ᠂ ᠨᠠᠶ᠋ᠮᠠᠨᠪᠠᠶᠠᠷ ᠤᠨ 《ᠬᠦᠬᠡ ᠮᠤᠩᠭᠤᠯ ᠨᠤᠲᠤᠭ》ᠵᠢᠭᠤᠯᠴᠢᠯᠠᠯ ᠤᠨ ᠭᠠᠵᠠᠷ ᠤᠨ ᠨᠡᠬᠡᠬᠡᠯᠲᠡ ᠶᠢᠨ ᠠᠵᠢᠯᠯᠠᠭ᠎ᠠ 3 ᠤ ᠡᠲᠦᠷ ᠨᠠᠷᠢᠨ ᠭᠤᠤᠯ ᠤᠨ ᠲᠡᠨᠵᠢᠨ ᠳᠤ ᠪᠤᠯᠵᠤ ᠦᠩᠭᠡᠷᠡᠪᠡ᠃

    《ᠬᠦᠬᠡ ᠮᠤᠩᠭᠤᠯ ᠨᠤᠲᠤᠭ》ᠵᠢᠭᠤᠯᠴᠢᠯᠠᠯ ᠤᠨ ᠭᠠᠵᠠᠷ ᠨᠢ ᠦᠵᠦᠮᠦᠴᠢᠨ ᠨᠤᠲᠤᠭ ᠤᠨ ᠨᠡᠬᠦᠲᠡᠯ ᠠᠮᠢᠲᠤᠷᠠᠯ ᠢ ᠬᠠᠷᠠᠭᠤᠯᠬᠤ ᠪᠡᠷ ᠭᠡᠷ ᠲᠡᠷᠬᠡ ᠠᠴᠢᠵᠤ ᠨᠡᠬᠦᠲᠡᠯᠯᠡᠬᠦ᠂ ᠪᠠᠭᠤᠴᠠ ᠰᠤᠩᠭᠤᠨ ᠭᠡᠷ ᠪᠠᠷᠢᠬᠤ ᠵᠡᠷᠭᠡ ᠶᠢ ᠭᠦᠢᠴᠡᠳᠭᠡᠨ ᠦᠵᠡᠬᠦᠯᠬᠦ ᠪᠡᠷ ᠬᠡᠦᠬᠡᠳ ᠪᠠᠭᠠᠴᠤᠳ ᠲᠤ ᠨᠡᠭᠦᠲᠡᠯ ᠠᠮᠢᠲᠤᠷᠠᠯ ᠢ ᠲᠠᠨᠢᠵᠤ ᠤᠶᠢᠯᠠᠭᠠᠭᠤᠯᠬᠤ᠂ ᠭᠡᠷᠡᠯ ᠵᠢᠷᠤᠭᠴᠢᠳ ᠤᠨ ᠵᠢᠷᠤᠭ ᠲᠠᠲᠠᠬᠤ ᠳ᠋ᠤ ᠪᠦᠷᠢᠨ ᠰᠠᠶᠢᠨ ᠲᠠᠪᠴᠠᠩ ᠬᠠᠩᠭᠠᠬᠤ ᠪᠤᠯᠤᠨ᠎ᠠ᠃

    ᠡᠨᠡᠬᠦ ᠵᠢᠭᠤᠯᠴᠢᠯᠠᠯ ᠤᠨ ᠭᠠᠵᠠᠷ ᠢ ᠰᠢᠯᠢ ᠶᠢᠨ ᠭᠤᠤᠯ ᠠᠶᠢᠮᠠᠭ ᠤᠨ ᠭᠡᠷᠡᠯ ᠵᠢᠷᠤᠭᠴᠢᠳ ᠤᠨ ᠨᠡᠶᠢᠭᠡᠮᠯᠢᠭ ᠡᠴᠡ 《ᠭᠡᠷᠡᠯ ᠵᠢᠷᠤᠭ ᠠᠪᠬᠤ ᠰᠠᠭᠤᠷᠢᠨ》᠂ ᠵᠡᠬᠦᠨ ᠦᠵᠦᠮᠦᠴᠢᠨ ᠬᠤᠰᠢᠭᠤᠨ ᠡᠴᠡ 《ᠨᠡᠬᠦᠲᠡᠯ ᠰᠤᠶᠤᠯ ᠵᠢᠷᠤᠭᠯᠠᠬᠤ ᠰᠠᠭᠤᠷᠢᠨ》ᠬᠡᠮᠡᠨ ᠨᠡᠷᠡᠶᠢᠳᠴᠦ ᠫᠠᠶᠢᠰᠠ ᠢᠯᠡᠷᠬᠡᠶᠢᠯᠡᠯ ᠤᠯᠭᠤᠪᠠ᠃ (ᠨᠡᠶᠢᠳᠡᠯᠡᠯ ᠢ ᠬ • ᠦᠵᠡᠰᠭᠦᠯᠡᠩ᠂ ᠤ‍‌᠊ • ᠠᠷᠪᠢᠨᠪᠠᠶᠠᠷ ᠵᠢᠷᠤᠭ ᠢ ᠤ‍‌᠊ • ᠠᠷᠪᠢᠨᠪᠠᠶᠠᠷ )

 

 

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121094227