蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠪᠡᠶᠡᠲᠤ ᠪᠤᠰᠤ ᠰᠤᠶᠤᠯ ᠤᠨ ᠦᠪ ᠤᠨ ᠤᠯᠠᠮᠵᠢᠯᠠᠭᠴᠢ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠪᠠᠶᠠᠲᠤ ᠪᠤᠰᠤ ᠰᠤᠶᠤᠯ ᠤᠨ ᠨᠠᠶᠢᠷ ᠲᠤ ᠤᠷᠤᠯᠴᠠᠪᠠ

2017-06-12 11:46

    ᠰᠤᠷᠪᠤᠯᠵᠢᠯᠠᠭᠴᠢ ᠦᠪᠦᠷ ᠮᠣᠩᠭᠣᠯ ᠤᠨ ᠰᠤᠶᠤᠯ ᠤᠨ ᠲᠢᠩᠬᠢᠮ ᠡᠴᠡ ᠤᠶᠢᠯᠠᠭᠠᠭᠰᠠᠨ ᠢᠶᠡᠷ᠂ 6 ᠰᠠᠷ᠎ᠠ ᠶᠢᠨ 10 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠷᠳᠤ ᠶᠢᠨ ᠳᠠᠭᠤᠤ ᠪᠤᠯᠤᠨ ᠬᠦᠭᠡᠮᠠᠢ ᠶᠢᠨ 7 ᠤᠯᠠᠮᠵᠢᠯᠠᠭᠴᠢ ᠵᠢᠷᠭᠤᠳᠤᠭᠠᠷ ᠬᠤᠭᠤᠴᠠᠭᠠᠨ ᠤ ᠴᠸᠩᠳᠦ᠋ ᠶᠢᠨ ᠤᠯᠠᠨ ᠤᠯᠤᠰ ᠤᠨ ᠪᠠᠶᠠᠲᠤ ᠪᠤᠰᠤ ᠰᠤᠶᠤᠯ ᠤᠨ ᠨᠠᠶᠢᠷ ᠤᠨ《 ᠳᠠᠭᠤᠤ ᠤᠷᠤᠯᠳᠤᠬᠤ ᠴᠢᠭᠤᠯᠠᠭᠠᠨ》 ᠪᠤᠯᠤᠨ《 ᠤᠯᠠᠮᠵᠢᠯᠠᠯᠲᠤ ᠲᠤᠭᠯᠠᠯᠲᠠ ᠨᠡᠶᠢᠭᠡᠮ ᠬᠤᠷᠢᠶᠠᠯᠠᠯ ᠳᠤ ᠤᠷᠤᠬᠤ》 ᠠᠵᠢᠯᠯᠠᠭ ᠠ ᠳᠤ ᠤᠷᠢᠭᠳᠠᠨ ᠤᠷᠤᠯᠴᠠᠪᠠ᠃ ᠲᠤᠰ ᠬᠤᠭᠤᠴᠠᠭᠠᠨ ᠤ ᠤᠯᠠᠨ ᠤᠯᠤᠰ ᠤᠨ ᠪᠠᠶᠠᠲᠤ ᠪᠤᠰᠤ ᠰᠤᠶᠤᠯ ᠤᠨ ᠨᠠᠶᠢᠷ《 ᠤᠯᠠᠮᠵᠢᠯᠠᠨ ᠬᠦᠭ᠍ᠵᠢᠬᠦᠯᠬᠦ ᠶᠢᠨ ᠪᠤᠳᠠᠳᠤ ᠦᠢᠯᠡᠳᠦᠯᠭᠡ》 ᠪᠡᠷ ᠭᠤᠤᠯ ᠰᠡᠳᠦᠪ ᠪᠤᠯᠭᠠᠵᠤ ᠲᠤᠭᠯᠠᠯᠲᠠ ᠭᠠᠷᠭᠠᠨ ᠬᠠᠷᠢᠯᠴᠠᠨ ᠰᠤᠷᠤᠯᠴᠠᠬᠤ ᠶᠢ ᠴᠢᠬᠤᠯᠠᠴᠢᠯᠠᠨ᠂ ᠪᠠᠶᠠᠲᠤ ᠪᠤᠰᠤ ᠰᠤᠶᠤᠯ ᠤᠨ ᠦᠪ ᠢ ᠬᠤᠲᠠ ᠶᠢᠨ ᠬᠦᠭ᠍ᠵᠢᠯᠲᠠ ᠲᠠᠢ ᠤᠶᠠᠯᠳᠤᠭᠤᠯᠤᠨ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠲᠠᠢ ᠤᠯᠠᠮ ᠠᠭᠤᠰᠤᠯᠴᠠᠭᠤᠯᠬᠤ ᠶᠢ ᠵᠤᠷᠢᠵᠠᠢ᠃

    ᠲᠤᠰ ᠤᠳᠠᠭᠠᠨ ᠤ ᠠᠵᠢᠯᠯᠠᠭ᠎ᠠ ᠳᠤ ᠤᠯᠤᠰ ᠤᠷᠤᠨ᠂ ᠪᠦᠰᠡ ᠨᠤᠲᠤᠭ ᠪᠤᠯᠤᠨ ᠤᠯᠠᠨ ᠤᠯᠤᠰ ᠤᠨ 105 ᠪᠠᠭ ᠤᠷᠤᠯᠴᠠᠪᠠ᠃ ᠪᠡᠶᠡᠲᠤ ᠪᠤᠰᠤ ᠰᠤᠶᠤᠯ ᠤᠨ ᠨᠠᠶᠢᠷ ᠤᠨ ᠬᠤᠭᠤᠴᠠᠭᠠᠨ ᠳᠤ 400 ᠭᠠᠷᠤᠢ ᠲᠠᠯᠠᠪᠠᠢ ᠡᠯ᠎᠎ᠠ ᠲᠦᠷᠦᠯ ᠤᠨ ᠠᠵᠢᠯᠯᠠᠭ᠎ᠠ ᠶᠠᠪᠤᠭᠤᠯᠬᠤ ᠪᠤᠯᠤᠨ᠎ᠠ᠃ ᠡᠭᠦᠨ ᠳᠤ᠂ ᠰᠤᠯᠢᠯᠴᠠᠭ᠎ᠠ ᠬᠢᠬᠦ᠂ ᠲᠤᠭᠯᠠᠯᠲᠠ ᠭᠠᠷᠭᠠᠬᠤ ᠠᠵᠢᠯᠯᠠᠭ᠎ᠠ ᠶᠢᠨ ᠲᠦᠯᠦᠭᠡᠯᠡᠬᠦ ᠪᠠᠭ᠂ ᠤᠯᠠᠮᠵᠢᠯᠠᠭᠴᠢ ᠪᠤᠯᠤᠨ ᠲᠤᠭᠯᠠᠭᠴᠢ ᠨᠡᠶᠢᠲᠡ2600 ᠭᠠᠷᠤᠢ ᠬᠦᠮᠦᠨ ᠤᠷᠤᠯᠴᠠᠵᠤ᠂1100 ᠭᠠᠷᠤᠢ ᠡᠯ᠎ᠠ ᠵᠡᠷᠭᠡᠯᠡᠯ ᠤᠨ ᠲᠦᠯᠦᠭᠡᠯᠡᠭᠴᠢ ᠪᠠᠶᠠᠲᠤ ᠪᠤᠰᠤ ᠰᠤᠶᠤᠯ ᠤᠨ ᠲᠦᠷᠦᠯ ᠢ ᠳᠡᠯᠭᠡᠨ ᠦᠵᠡᠭᠦᠯᠦᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121127510