蒙古文网站Logo
ᠰᠢᠨᠬᠤᠸᠠ ᠮᠤᠩᠭ᠋ᠤᠯ ᠨᠧᠲ

ᠮᠣᠩᠭᠣᠯ ᠦᠰᠦᠭ  ᠪᠢᠴᠢᠭ᠌ ᠤᠨ ᠰᠤᠷᠪᠤᠯᠵᠢ ᠪᠢᠴᠢᠭ᠌ ᠤᠨ ᠮᠦᠽᠸᠢ ᠨᠡᠭᠡᠭᠡᠯᠲᠡ ᠪᠡᠨ ᠬᠢᠪᠠ

2017-06-12 16:40

    ᠰᠢᠨᠬᠤᠸᠠ ᠬᠤᠷᠢᠶ᠎ᠠ  ᠬᠦᠬᠡᠬᠤᠲᠠ ᠶᠢᠨ 6 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠯᠢ ᠶᠦᠨ ᠫᠢᠩ) ᠮᠠᠨ ᠤ ᠤᠯᠤᠰ ᠤᠨ ᠠᠩᠬᠠᠳᠠᠭᠴᠢ ᠰᠤᠶᠤᠯ ᠤᠨ ᠪᠠ ᠪᠠᠶᠢᠭᠠᠯᠢ ᠶᠢᠨ ᠦᠪ ᠤᠨ ᠡᠳᠦᠷ ᠬᠦᠷᠴᠤ ᠢᠷᠡᠬᠦ ᠶᠢ ᠳᠠᠭᠠᠯᠳᠤᠨ᠂ ᠤᠯᠤᠰ ᠳᠠᠶᠠᠭᠠᠷ ᠤᠨ ᠠᠩᠬᠠᠳᠠᠭᠴᠢ ᠮᠣᠩᠭᠣᠯ ᠦᠰᠦᠭ  ᠪᠢᠴᠢᠭ᠌ ᠤᠨ ᠰᠤᠷᠪᠤᠯᠵᠢ ᠪᠢᠴᠢᠭ᠌ ᠤᠨ ᠮᠦᠽᠸᠢ — ᠦᠪᠦᠷ ᠮᠣᠩᠭᠣᠯ ᠤᠨ ᠬᠤᠷᠢᠡᠭᠡᠷ ᠰᠢᠶᠠᠨ ᠤ ᠮᠣᠩᠭᠣᠯ ᠦᠰᠦᠭ ᠪᠢᠴᠢᠭ᠌ ᠤᠨ ᠰᠤᠷᠪᠤᠯᠵᠢ ᠪᠢᠴᠢᠭ᠌ ᠤᠨ ᠮᠦᠽᠸᠢ ᠨᠡᠭᠡᠭᠡᠯᠲᠡ ᠪᠡᠨ ᠬᠢᠵᠦ᠂ ᠬᠤᠪᠤᠷ ᠴᠤᠬᠠᠭ ᠮᠣᠩᠭᠣᠯ ᠦᠰᠦᠭ᠌ ᠪᠢᠴᠢᠭ᠌᠌ ᠤᠨ ᠮᠠᠲ᠋ᠧᠷᠢᠶᠠᠯ ᠪᠤᠯᠤᠨ ᠰᠤᠶᠤᠯ ᠤᠨ ᠦᠪ ᠢ ᠲᠦᠪᠯᠡᠷᠡᠭᠦᠯᠦᠨ ᠳᠡᠯᠭᠡᠨ ᠦᠵᠡᠭᠦᠯᠪᠠ᠃

    ᠲᠠᠨᠢᠯᠴᠠᠭᠤᠯᠤᠭᠰᠠᠨ ᠵᠶ᠋ᠠᠷ᠂ ᠲᠤᠰ ᠮᠦᠽᠧᠢ ᠵᠢ 2015 ᠣᠨ ᠤ 6 ᠰᠠᠷ᠎ᠠ ᠡᠴᠠ ᠡᠬᠢᠯᠡᠨ ᠪᠠᠶᠢᠭᠤᠯᠪᠠ᠂ ᠮᠦᠽᠧᠢ ᠳ᠋ᠥ ᠬᠤᠷᠢᠶᠠᠨ ᠬᠠᠳᠠᠭᠠᠯᠠᠵᠤ ᠪᠠᠶᠢᠭ᠎ᠠ ᠪᠣᠳᠠᠰ ‍ᠢ ᠭᠣᠣᠯᠳᠠᠭᠤ ᠥᠪᠥᠷ ᠮᠣᠩᠭᠣᠯ ᠤᠨ ᠬᠤᠷᠢᠶᠠᠨ ᠬᠠᠳᠠᠭᠠᠯᠠᠭᠴᠢ ᠭᠡᠷᠡᠯᠲᠦ ᠬᠠᠩᠭᠠᠵᠤ᠂ ᠬᠥᠬᠡᠬᠣᠲᠠ ᠵᠢᠨ ᠱᠧᠩ ᠯᠧ ᠰᠣᠶᠣᠯ ᠵᠢᠭᠤᠯᠴᠢᠯᠠᠯ ᠤᠨ ᠠᠵᠤ ᠦᠢᠯᠡᠰ ‍ᠥᠨ ᠬᠥᠭ᠍ᠵᠢᠯᠲᠡ ᠵᠢᠨ ᠬᠢᠵᠠᠭᠠᠷᠲᠤ ᠺᠣᠮᠫᠠᠨᠢ ᠬᠦᠷᠦᠩᠭᠡ ᠣᠷᠣᠭᠤᠯᠤᠨ ᠪᠠᠶᠢᠭᠤᠯᠤᠭᠰᠠᠨ ᠶᠤᠮ᠃ ᠮᠦᠽᠧᠢ ᠨᠢ 1700 ᠭᠠᠷᠤᠢ ᠺᠦᠸᠠᠳ᠋ ᠮᠧᠲ᠋ᠷ ᠲᠠᠯᠠᠪᠠᠢ ᠲᠠᠢ᠂ ᠮᠣᠩᠭᠣᠯ ᠰᠤᠷᠪᠤᠯᠵᠢ ᠪᠢᠴᠢᠭ᠌ ᠮᠠᠲ᠋ᠧᠷᠢᠶᠠᠯ᠂ ᠡᠷᠲᠡᠨ ‍ᠥ ᠨᠣᠮ ᠰᠤᠳᠤᠷ᠂ ᠵᠢᠷᠤᠭ᠂ ᠲᠠᠮᠠᠭ᠎ᠠ ᠵᠡᠷᠭᠡ 360 ᠭᠠᠷᠤᠢ ᠵᠦᠢᠯ ‍ᠥᠨ ᠪᠣᠳᠠᠰ ᠳᠡᠯᠭᠡᠨ ᠦᠵᠡᠭᠦᠯᠵᠤ ᠪᠤᠢ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠶᠦᠨ ᠫᠢᠩ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121129360