蒙古文网站Logo
ᠰᠢᠨᠬᠤᠸᠠ ᠮᠤᠩᠭ᠋ᠤᠯ ᠨᠧᠲ

26 ᠳ᠋ᠤᠭᠠᠷ ᠬᠤᠭᠤᠴᠠᠭᠠᠨ ᠤ ᠳᠤᠮᠳᠠᠳᠤ ᠡᠤᠯᠤᠰ ᠤᠨ ᠠᠯᠲᠠᠨ ᠲᠠᠬᠢᠶ᠎ᠠ ᠴᠡᠴᠡᠭᠡᠰ ᠺᠢᠨᠤ᠋ ᠤᠷᠠᠯᠢᠭ ᠤᠨ ᠨᠠᠶᠢᠷ ᠤᠨ ᠠᠩᠬᠠᠨ ᠤ ᠬᠤᠭᠤᠴᠠᠭᠠᠨ ᠤ ᠰᠠᠶᠢᠨ ᠲᠤᠷᠠᠲᠠᠳ ᠤᠨ ᠰᠤᠷᠭᠠᠯᠲᠠ ᠶᠢᠨ ᠠᠩᠭᠢ ᠬᠢᠴᠢᠶᠡᠯ ᠡᠬᠢᠯᠡᠪᠡ

2017-06-19 11:26

    ᠦᠴᠦᠭᠡᠳᠦᠷ᠂ 26 ᠳ᠋ᠤᠭᠠᠷ ᠬᠤᠭᠤᠴᠠᠭᠠᠨ ᠤ ᠳᠤᠮᠳᠠᠳᠤ  ᠤᠯᠤᠰ ᠤᠨ ᠠᠯᠲᠠᠨ ᠲᠠᠬᠢᠶ᠎ᠠ ᠴᠡᠴᠡᠭᠡᠰ ᠺᠢᠨᠤ᠋ ᠤᠷᠠᠯᠢᠭ ᠤᠨ ᠨᠠᠶᠢᠷ ᠤᠨ ᠠᠩᠬᠠᠨ ᠤ ᠬᠤᠭᠤᠴᠠᠭᠠᠨ ᠤ ᠰᠠᠶᠢᠨ ᠲᠤᠷᠠᠲᠠᠳ ᠤᠨ ᠰᠤᠷᠭᠠᠯᠲᠠ ᠶᠢᠨ ᠠᠩᠭᠢ ᠬᠦᠬᠡᠬᠤᠲᠠ ᠶᠢᠨ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ ᠳᠤ ᠬᠢᠴᠢᠶᠡᠯ ᠡᠬᠢᠯᠡᠪᠡ᠃ ᠰᠠᠷ᠎ᠠ ᠬᠢᠷᠢᠲᠠᠢ ᠬᠤᠭᠤᠴᠠᠭᠠᠨ ᠤ ᠡᠯᠰᠡᠯᠲᠡ ᠪᠡᠷ ᠳᠠᠮᠵᠢᠨ ᠶᠡᠬᠡ ᠲᠡᠭᠡᠲᠤ ᠰᠤᠷᠭᠠᠭᠤᠯᠢ ᠪᠤᠯᠤᠨ ᠨᠡᠶᠢᠭᠡᠮ ᠤᠨ ᠨᠡᠶᠢᠲᠡ 13301ᠰᠠᠶᠢᠨ ᠲᠤᠷᠠᠳᠠᠳ ᠨᠡᠷ᠎ᠠ ᠪᠦᠷᠢᠳᠭᠡᠭᠦᠯᠵᠠᠢ᠃ ᠠᠯᠲᠠᠨ ᠲᠠᠬᠢᠶ᠎ᠠ ᠴᠡᠴᠡᠭᠡᠰ ᠺᠢᠨᠤ᠋ ᠤᠷᠠᠯᠢᠭ ᠤᠨ ᠨᠠᠶᠢᠷ ᠤᠨ ᠰᠠᠶᠢᠨ ᠳᠤᠷᠠᠲᠠᠳ ᠤᠨ ᠡᠯᠰᠡᠯᠲᠡ ᠶᠢᠨ ᠨᠦᠬᠦᠴᠡᠯ ᠢ ᠦᠨᠳᠦᠰᠦᠯᠡᠵᠤ᠂ ᠠᠩᠬᠠᠨ ᠤ ᠬᠤᠭᠤᠴᠠᠭᠠᠨ ᠤ ᠰᠤᠷᠭᠠᠯᠲᠠ ᠶᠢᠨ ᠠᠩᠭᠢ ᠳᠤ ᠦᠪᠦᠷ ᠮᠣᠩᠭᠣᠯ ᠤᠨ ᠡᠳ᠋ ᠤᠨ ᠵᠠᠰᠠᠬ ᠤᠨ ᠶᠡᠬᠡ ᠰᠤᠷᠭᠠᠭᠤᠯᠢ᠂ ᠦᠪᠦᠷ ᠮᠣᠩᠭᠣᠯ ᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ᠂ ᠦᠪᠦᠷ ᠮᠣᠩᠭᠣᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ᠂ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ᠂ ᠬᠦᠬᠡᠬᠤᠲᠠ ᠶᠢᠨ ᠠᠵᠢᠯ ᠮᠡᠷᠭᠡᠵᠢᠯ ᠤᠨ ᠲᠡᠭᠡᠲᠤ ᠰᠤᠷᠭᠠᠭᠤᠯᠢ᠂ ᠶᠡᠬᠡ ᠰᠤᠷᠭᠠᠭᠤᠯᠢ ᠶᠢᠨ ᠬᠤᠲᠠ ᠳ᠋ᠡᠬᠢ ᠡᠯ᠎ᠠ ᠶᠡᠬᠡ ᠲᠡᠭᠡᠲᠤ ᠰᠤᠷᠭᠠᠭᠤᠯᠢ ᠪᠤᠯᠤᠨ ᠭᠠᠳᠠᠷ ᠤᠷᠤᠨ ᠤ ᠶᠡᠬᠡ ᠲᠡᠭᠡᠲᠤ ᠰᠤᠷᠭᠠᠭᠤᠯᠢ ᠶᠢᠨ 500 ᠨᠡᠷᠡᠰ ᠰᠠᠶᠢᠨ ᠲᠤᠷᠠᠳᠠᠳ ᠢ ᠰᠤᠷᠭᠠᠯᠲᠠ ᠶᠢᠨ ᠠᠩᠭᠢ ᠳᠤ ᠤᠷᠤᠯᠴᠠᠭᠤᠯᠪᠠ᠃

    ᠲᠤᠬᠠᠢ ᠶᠢᠨ ᠡᠳᠦᠷ᠂ ᠬᠦᠬᠡᠬᠤᠲᠠ ᠶᠢᠨ ᠡᠪᠯᠡᠯ ᠤᠨ ᠬᠤᠷᠢᠶᠠᠨ ᠡᠴᠡ ᠲᠤᠰᠬᠠᠢ ᠰᠤᠷᠭᠠᠯᠲᠠ ᠶᠢᠨ ᠪᠠᠭᠰᠢ ᠤᠷᠢᠵᠤ ᠦᠪᠦᠷ ᠮᠣᠩᠭᠣᠯ ᠤᠨ ᠲᠤᠶᠢᠮᠤ ᠪᠠᠶᠢᠳᠠᠯ᠂ ᠬᠦᠬᠡᠬᠤᠲᠠ ᠶᠢᠨ ᠲᠤᠶᠢᠮᠤ ᠪᠠᠶᠢᠳᠠᠯ᠂ ᠰᠠᠶᠢᠨ ᠲᠤᠷᠠᠳᠠᠳ ᠤᠨ ᠦᠢᠯᠡᠴᠢᠯᠡᠭᠡᠨ ᠤ ᠶᠡᠷᠦᠲᠠ ᠶᠢᠨ ᠮᠡᠳᠡᠯᠭᠡ᠂ ᠶᠤᠰᠤᠯᠠᠯ ᠦᠢᠯᠡ ᠤᠨ ᠮᠡᠳᠡᠯᠭᠡ᠂ ᠺᠢᠨᠤ᠋ ᠶᠢᠨ ᠮᠡᠳᠡᠯᠭᠡ  ᠲᠠᠨᠢᠯᠴᠠᠭᠤᠯᠬᠤ ᠵᠡᠷᠭᠡ ᠬᠦᠷᠢᠶ᠎ᠠ ᠴᠡᠷ ᠠ ᠳᠤ ᠰᠤᠷᠭᠠᠯᠲᠠ ᠬᠢᠪᠠ᠃ ᠡᠭᠦᠨ ᠤ ᠬᠠᠮᠲᠤ ᠰᠠᠶᠢᠨ ᠲᠤᠷᠠᠳᠠᠳ ᠲᠤ ᠠᠩᠬ ᠠ ᠠᠯᠬᠤᠮ ᠤᠨ ᠲᠦᠷᠦᠯ ᠬᠤᠪᠢᠶᠠᠷᠢᠯᠠᠯᠲᠠ ᠬᠢᠵᠤ᠂ ᠰᠠᠶᠢᠨ ᠲᠤᠷᠠᠳᠠᠳ ᠤᠨ ᠴᠤᠭᠯᠠᠭ᠎ᠠ APP ᠤ᠋ᠨ ᠬᠡᠷᠡᠭᠯᠡᠬᠦ ᠠᠷᠭ᠎ᠠ ᠢᠢ ᠲᠠᠨᠢᠯᠴᠠᠭᠤᠯᠵᠤ᠂ ᠰᠠᠶᠢᠨ ᠲᠤᠷᠠᠳᠠᠳ ᠤᠨ ᠴᠤᠭᠯᠠᠭ᠎ᠠAPP ᠢ᠋ᠶ᠋ᠡᠷ ᠳᠠᠮᠵᠢᠨ ᠰᠠᠶᠢᠨ ᠲᠤᠷᠠᠲᠠᠳ ᠤᠨ ᠦᠢᠯᠡᠴᠢᠯᠡᠭᠰᠡᠨ ᠴᠠᠭ ᠬᠤᠭᠤᠴᠠᠭ᠎ᠠ ᠶᠢ ᠪᠤᠲᠤᠵᠤ᠂ ᠨᠡᠷ᠎ᠡ ᠪᠦᠷᠢᠳᠭᠡᠭᠦᠯᠬᠦ ᠳᠤ ᠳᠦᠭᠦᠮ ᠪᠠᠶᠢᠵᠤ᠂ ᠳᠠᠷᠠᠭᠠᠴᠢ ᠶᠢᠨ ᠰᠠᠶᠢᠨ ᠳᠤᠷᠠᠲᠠᠳ ᠤᠨ ᠦᠢᠯᠡᠴᠢᠯᠡᠭᠡᠨ ᠤ ᠠᠵᠢᠯ ᠳᠤ ᠳᠦᠭᠦᠮ ᠦᠵᠡᠭᠦᠯᠦᠨ᠎ᠠ᠃

    ᠤᠶᠢᠯᠠᠭᠠᠭᠰᠠᠨ ᠢᠶᠡᠷ᠂ ᠠᠯᠲᠠᠨ ᠲᠠᠬᠢᠶ᠎ᠠ ᠴᠡᠴᠡᠭᠡᠰ ᠺᠢᠨᠤ᠋ ᠤᠷᠠᠯᠢᠭ ᠤᠨ ᠨᠠᠶᠢᠷ ᠤᠨ ᠬᠤᠶᠠᠳᠤᠭᠠᠷ ᠤᠳᠠᠭᠠᠨ ᠤ ᠰᠤᠷᠭᠠᠯᠲᠠ ᠶᠢᠨ ᠠᠩᠭᠢ 6 ᠰᠠᠷ᠎ᠠ ᠶᠢᠨ 24 ᠤ ᠡᠳᠦᠷ ᠡᠴᠡ ᠬᠢᠴᠢᠶᠡᠯ ᠡᠬᠢᠯᠡᠵᠤ᠂ ᠳᠠᠷᠠᠭ᠎ᠠ ᠳᠤᠨᠢ ᠨᠢᠭᠤᠷᠳᠡᠨ ᠰᠢᠯᠭᠠᠬᠤ ᠪᠤᠯᠤᠨ ᠤᠯᠤᠰ ᠲᠦᠷᠦ ᠶᠢᠨ ᠬᠢᠨᠠᠯᠲᠠ ᠶᠢᠨ ᠠᠵᠢᠯᠯᠠᠭ᠎ᠠ ᠶᠠᠪᠤᠭᠳᠠᠭᠤᠯᠬᠤ ᠪᠤᠯᠤᠨ ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121168767