蒙古文网站Logo
ᠰᠢᠨᠬᠤᠸᠠ ᠮᠤᠩᠭ᠋ᠤᠯ ᠨᠧᠲ

ᠮᠤᠩᠭᠤᠯ ᠬᠡᠯᠡᠨ ᠤ ᠲᠤᠯᠢ ᠪᠢᠴᠢᠭ᠌ ᠤᠨ ᠰᠤᠳᠤᠯᠭᠠᠨ ᠤ ᠲᠦᠪ ᠪᠠᠢᠢᠭᠤᠯᠤᠭᠳᠠᠪᠡ

2017-06-21 09:53

    6 ᠰᠠᠷ᠎ᠠ ᠵᠢᠨ 20 ᠤ ᠦᠳᠡ ᠵᠢᠨ ᠡᠮ᠋ᠦᠨ᠎ᠠ᠂ ᠮᠤᠩᠭᠤᠯ ᠬᠡᠯᠡᠨ ᠤ ᠲᠤᠯᠢ ᠪᠢᠴᠢᠭ᠌ ᠤᠨ ᠰᠤᠳᠤᠯᠭᠠᠨ ᠪ ᠲᠦᠪ ᠪᠠᠢᠢᠭᠤᠯᠤᠭᠳᠠᠬᠤ ᠬᠤᠷᠠᠯ ᠬᠦᠬᠡᠬᠤᠳᠠ ᠳᠤ ᠶᠠᠪᠤᠭᠳᠠᠪᠠ᠃ ᠲᠤᠰ ᠰᠤᠳᠤᠯᠭᠠᠨ ᠪ ᠲᠦᠪ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪ ᠦᠨᠳᠦᠰᠦᠲᠡᠨ ᠪ ᠬᠡᠷᠡᠭ ᠡᠷᠬᠢᠯᠡᠬᠦ ᠵᠦᠪᠯᠡᠯ ᠪᠠ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠬᠠᠮ᠋ᠳᠤᠷᠠᠨ᠂ ᠦᠪᠡᠷᠳᠡᠭᠡᠨ ᠵᠠᠰᠠᠬᠤ ᠤᠷᠤᠨ ᠪ ᠦᠨᠳᠦᠰᠦᠲᠡᠨ ᠪ ᠦᠭᠡ ᠬᠡᠯᠡ ᠦᠰᠦᠭ ᠪᠢᠴᠢᠭ᠌ ᠤᠨ ᠢᠨᠵᠸ᠋ᠨ᠋ᠸ᠋ᠷᠢᠩ ᠤᠨ ᠪᠠᠢᠢᠭᠤᠯᠤᠯᠳᠠ ᠵᠢ ᠲᠦᠯᠬᠢᠨ ᠠᠬᠢᠭᠤᠯᠵᠤ᠂ ᠦᠪᠡᠷᠳᠡᠭᠡᠨ ᠵᠠᠰᠠᠬᠤ ᠤᠷᠤᠨ ᠪ ᠮᠤᠩᠭᠤᠯ ᠦᠭᠡ ᠬᠡᠯᠡ ᠦᠰᠦᠭ ᠪᠢᠴᠢᠭ᠌ ᠢ ᠰᠤᠷᠴᠤ᠂ ᠬᠡᠷᠡᠭᠯᠡᠬᠦ᠂ ᠰᠤᠳᠤᠯᠬᠤ ᠬᠢᠬᠡᠳ ᠬᠦᠭᠵᠢᠭᠦᠯᠬᠦ ᠵᠢ ᠵᠢᠯᠤᠭᠤᠳᠤᠨ ᠲᠦᠷᠢᠮ᠋ᠵᠢᠭᠦᠯᠵᠤ᠂ ᠮᠤᠩᠭᠤᠯ ᠬᠡᠯᠡᠨ ᠪ ᠲᠤᠯᠢ ᠪᠢᠴᠢᠭ᠌ ᠢ ᠰᠤᠳᠤᠯᠬᠤ᠂ ᠨᠠᠢᠢᠷᠠᠭᠤᠯᠬᠤ᠂ ᠬᠡᠪᠯᠡᠭᠦ ᠠᠵᠢᠯ ᠢ ᠴᠢᠨᠠᠭᠰᠢᠳᠠ ᠲᠦᠯᠬᠢᠨ ᠠᠬᠢᠭᠤᠯᠬᠤ ᠵᠢ ᠵᠤᠷᠢᠵᠤ ᠪᠠᠢᠢᠭᠤᠯᠤᠭᠰᠠᠨ ᠶᠤᠮ᠃

    ᠲᠤᠰ ᠰᠤᠳᠤᠯᠭᠠᠨ ᠪ ᠲᠦᠪ ᠨᠢ ᠡᠬᠢ ᠪᠠᠶᠠᠯᠢᠭ ᠤᠨ ᠰᠤᠷᠪᠤᠯᠵᠢ ᠵᠢ ᠨᠢᠭᠡᠳᠭᠡᠬᠦ᠂ ᠬᠡᠷᠡᠭᠯᠡᠭᠡᠨ ᠤ ᠳᠠᠪᠴᠠᠩ ᠢ ᠬᠠᠮ᠋ᠳᠤᠪᠠᠷ ᠪᠠᠢᠢᠭᠤᠯᠬᠤ᠂ ᠰᠢᠨᠵᠢᠯᠡᠬᠦ ᠤᠬᠠᠭᠠᠨᠴᠢ ᠪᠠᠷ ᠲᠦᠯᠦᠪᠯᠡᠬᠦ᠂ ᠡᠮ᠋ᠬᠢ ᠲᠠᠷᠠᠭ᠎ᠠ ᠳᠠᠢ ᠲᠦᠯᠬᠢᠨ ᠠᠬᠢᠭᠤᠯᠬᠤ᠂ ᠨᠡᠢᠢᠬᠡᠮ ᠨᠡᠢᠢᠳᠡ ᠳᠤ ᠦᠢᠯᠡᠴᠢᠯᠡᠬᠦ ᠵᠠᠷᠴᠢᠮ ᠢᠶᠡᠷ ᠮᠤᠩᠭᠤᠯ ᠬᠡᠯᠡᠨ ᠪ ᠲᠤᠯᠢ ᠪᠢᠴᠢᠭ᠌ ᠢ ᠨᠠᠢᠢᠷᠠᠭᠤᠯᠤᠨ ᠬᠡᠪᠯᠡᠬᠦ ᠤᠨᠤᠯ ᠢ ᠰᠤᠳᠤᠯᠬᠤ᠂ ᠮᠤᠩᠭᠤᠯ ᠬᠡᠯᠡᠨ ᠪ ᠲᠤᠯᠢ ᠪᠢᠴᠢᠭ᠌ ᠤᠨ ᠬᠦᠭᠵᠢᠯᠳᠡ ᠵᠢᠨ ᠪᠠᠢᠢᠯᠳᠤᠬᠤ ᠪᠤᠳᠤᠯᠭ᠎ᠠ ᠬᠢᠬᠡᠳ ᠲᠦᠯᠦᠪᠯᠡᠭᠡ ᠵᠢ ᠰᠤᠳᠤᠯᠬᠤ᠂ ᠦᠪᠡᠷᠳᠡᠭᠡᠨ ᠵᠠᠰᠠᠬᠤ ᠤᠷᠤᠨ ᠪ ᠦᠨᠳᠦᠰᠦᠲᠡᠨ ᠪ ᠬᠡᠷᠡᠭ ᠡᠷᠬᠢᠯᠡᠬᠦ ᠵᠦᠪᠯᠡᠯ ᠬᠢᠬᠡᠳ ᠬᠠᠮ᠋ᠢᠶ᠎ᠠ ᠪᠦᠬᠦᠢ ᠰᠠᠯᠠᠭ᠎ᠠ ᠮᠦᠴᠢᠷ ᠤᠨ ᠮᠤᠩᠭᠤᠯ ᠬᠡᠯᠡᠨ ᠪ ᠲᠤᠯᠢ ᠪᠢᠴᠢᠭ᠌ ᠤᠨ ᠲᠤᠬᠠᠢ ᠬᠠᠮ᠋ᠢᠶᠠᠷᠤᠯᠳᠠ ᠵᠢᠨ ᠠᠵᠢᠯ ᠳᠤ ᠦᠢᠯᠡᠴᠢᠯᠡᠭᠡ ᠬᠠᠩᠭᠠᠬᠤ᠂ ᠬᠠᠮ᠋ᠢᠶ᠎ᠠ ᠪᠦᠬᠦᠢ ᠶᠡᠬᠡ ᠳᠡᠭᠡᠳᠤ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠪ ᠪᠠᠢᠢᠭᠤᠯᠤᠮ᠋ᠵᠢ ᠳᠠᠢ ᠬᠠᠮ᠋ᠳᠤᠷᠠᠨ ᠮᠤᠩᠭᠤᠯ ᠬᠡᠯᠡᠨ ᠪ ᠲᠤᠯᠢ ᠪᠢᠴᠢᠭ᠌ ᠢ ᠰᠤᠳᠤᠯᠬᠤ᠂ ᠨᠠᠢᠢᠷᠠᠭᠤᠯᠬᠤ ᠬᠢᠬᠡᠳ ᠬᠡᠪᠯᠡᠬᠦ ᠠᠵᠢᠯ ᠤᠨ ᠳᠠᠯ᠎ᠠ ᠳᠤ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠬᠦᠮ᠋ᠦᠵᠢᠭᠦᠯᠬᠦ ᠳᠤ ᠦᠢᠯᠡᠴᠢᠯᠡᠬᠦ᠂ ᠨᠡᠢᠢᠬᠡᠮ ᠤᠨ ᠡᠯ᠎ᠠ ᠡᠳᠡᠭᠡᠳ ᠲᠤ ᠮᠤᠩᠭᠤᠯ ᠬᠡᠯᠡᠨ ᠪ ᠳᠤᠯᠢ ᠪᠢᠴᠢᠭ᠌ ᠤᠨ ᠬᠠᠮ᠋ᠢᠶᠠᠳᠠᠢ ᠦᠢᠯᠡᠴᠢᠯᠡᠭᠡ ᠬᠠᠩᠭᠠᠬᠤ᠂ ᠮᠤᠩᠭᠤᠯ ᠬᠡᠯᠡᠨ ᠪ ᠲᠤᠯᠢ ᠪᠢᠴᠢᠭ᠌ ᠤᠨ ᠰᠤᠳᠤᠯᠭᠠᠨ ᠪ ᠡᠷᠳᠡᠮ ᠰᠢᠨᠵᠢᠯᠡᠭᠡᠨ ᠪ ᠰᠡᠳᠦᠪ ᠢ ᠳᠠᠭᠠᠭᠠᠴᠢᠯᠠᠨ ᠬᠦᠢᠴᠡᠳᠭᠡᠬᠦ ᠵᠡᠷᠭᠡ ᠡᠭᠦᠷᠭᠡ ᠵᠢ ᠡᠭᠦᠷᠬᠡᠯᠡᠬᠦ ᠪᠤᠯᠤᠨ᠎ᠠ᠃ (ᠪᠤᠤ ᠰᠠᠷᠠᠭᠤᠯ)

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121182522