蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠯᠤᠰ ᠤᠨ ᠠᠩᠬᠠᠳᠠᠭᠴᠢ ᠭᠤᠪᠢ ᠶᠢᠨ ᠤᠯᠠᠭᠠᠨ ᠲᠡᠮᠡᠭᠡ  ᠤᠷᠠᠯᠢᠭ ᠤᠨ ᠤᠷᠳᠤᠨ《 ᠳᠤᠮᠳᠠᠳᠤ ᠤᠯᠤᠰ ᠤᠨ ᠭᠤᠪᠢ ᠶᠢᠨ ᠤᠯᠠᠭᠠᠨ ᠲᠡᠮᠡᠭᠡ ᠶᠢᠨ ᠦᠯᠦᠭᠡᠢ》 ᠳᠤ ᠪᠠᠶᠢᠭᠤᠯᠤᠭᠳᠠᠪᠠ

2017-06-22 16:03

    ᠰᠢᠨᠬᠤᠸᠠ ᠬᠤᠷᠢᠶ᠎ᠠ   ᠬᠦᠬᠡᠬᠤᠲᠠ ᠶᠢᠨ 6 ᠰᠠᠷ᠎᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠯᠢ ᠶᠦᠨ ᠫᠢᠩ)  ᠳᠤᠮᠳᠠᠳᠤ ᠤᠯᠤᠰ ᠤᠨ ᠠᠩᠬᠠᠳᠠᠭᠴᠢ ᠭᠤᠪᠢ ᠶᠢᠨ ᠤᠯᠠᠭᠠᠨ ᠲᠡᠮᠡᠭᠡ ᠤᠷᠠᠯᠢᠭ ᠤᠨ ᠤᠷᠳᠤᠨ ᠲᠦᠷᠦᠭᠦᠬᠡᠨ 《 ᠳᠤᠮᠳᠠᠳᠤ ᠤᠯᠤᠰ ᠤᠨ ᠭᠤᠪᠢ ᠶᠢᠨ ᠤᠯᠠᠭᠠᠨ ᠲᠡᠮᠡᠭᠡ ᠶᠢᠨ ᠦᠯᠦᠭᠡᠢ》-- ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠷᠠᠳ ᠤᠨ ᠬᠤᠶᠢᠲᠤ ᠬᠤᠰᠢᠭᠤᠨ ᠳᠤ ᠪᠠᠶᠢᠭᠤᠯᠤᠭᠳᠠᠵᠤ ᠠᠰᠢᠭᠯᠠᠯᠲᠠ ᠳᠤ ᠤᠷᠤᠪᠠ᠃ ᠭᠤᠤᠯᠳᠠᠭᠤ ᠰᠢᠪᠠᠷ ᠪᠠᠷᠢᠮᠠᠯ ᠢᠶᠡᠷ ᠳᠤᠮᠳᠠᠳᠤ ᠤᠯᠤᠰ ᠤᠨ ᠮᠣᠩᠭ᠋ᠣᠯᠴᠤᠳ ᠤᠨ ᠭᠤᠪᠢ ᠶᠢᠨ ᠤᠯᠠᠭᠠᠨ ᠲᠡᠮᠡᠭᠡ ᠶᠢ ᠬᠠᠶᠢᠷᠠᠯᠠᠨ ᠬᠠᠮᠠᠭᠠᠯᠠᠵᠤ᠂ ᠲᠡᠮᠡᠭᠡᠨ ᠰᠤᠶᠤᠯ ᠢ ᠤᠯᠠᠮᠵᠢᠯᠠᠨ ᠳᠡᠯᠭᠡᠷᠡᠭᠦᠯᠵᠤ ᠪᠠᠶᠢᠬᠤ ᠦᠢᠯᠡ ᠠᠵᠢᠯᠯᠠᠭ᠎ᠠ ᠶᠢ ᠲᠤᠰᠬᠠᠵᠠᠢ᠃

    ᠭᠤᠪᠢ ᠶᠢᠨ ᠤᠯᠠᠭᠠᠨ ᠲᠡᠮᠡᠭᠡ ᠳᠤᠮᠳᠠᠳᠤ ᠤᠯᠤᠰ ᠤᠨ ᠤᠮᠠᠷᠠᠲᠤ ᠬᠢᠯᠢ ᠲᠠᠭᠠᠤ ᠪᠦᠰᠡ ᠨᠤᠲᠤᠭ ᠤᠨ ᠠᠭᠯᠠᠭ ᠠᠭᠤᠯᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠷᠠᠳ ᠤᠨ ᠬᠤᠶᠢᠲᠤ ᠬᠤᠰᠢᠭᠤᠨ ᠤ ᠭᠤᠪᠢ ᠶᠢᠨ ᠡᠯᠡᠰᠦ ᠪᠡᠷ ᠠᠮᠢᠳᠤᠷᠠᠳᠠᠬ ᠬᠤᠪᠤᠷ ᠴᠤᠬᠠᠭ ᠲᠠᠮᠠᠭᠡᠨ ᠤ ᠲᠦᠷᠦᠯ ᠪᠤᠯᠤᠨ᠎ᠠ᠃ ᠰᠡᠭᠦᠯ ᠤᠨ ᠵᠢᠯ ᠤᠳ ᠲᠤ᠂ ᠤᠷᠠᠳ ᠤᠨ ᠬᠤᠶᠢᠲᠤ ᠬᠤᠰᠢᠭᠤ ᠭᠤᠪᠢ ᠶᠢᠨ ᠤᠯᠠᠭᠠᠨ ᠲᠡᠮᠡᠭᠡᠨ ᠤ ᠠᠵᠢᠯ ᠦᠢᠯᠡᠰ ᠤᠨ ᠨᠡᠶᠢᠭᠡᠮᠯᠢᠭ᠌᠂ ᠬᠤᠷᠰᠢᠶᠠᠵᠢᠯ ᠵᠡᠷᠭᠡ ᠶᠢ ᠪᠠᠶᠢᠭᠤᠯᠬᠤ ᠪᠡᠷ ᠳᠠᠮᠵᠢᠨ ᠮᠠᠯᠴᠢᠳ ᠤᠨ ᠲᠡᠮᠡᠭᠡ ᠲᠡᠵᠢᠭᠡᠬᠦ ᠶᠢ ᠳᠠᠶᠢᠴᠢᠯᠠᠵᠤ᠂ ᠲᠡᠮᠡᠭᠡᠨ ᠤ ᠦᠢᠯᠡᠰ ᠢ ᠬᠦᠭ᠍ᠵᠢᠭᠦᠯᠦᠨ ᠬᠠᠮᠠᠭᠠᠯᠠᠭᠰᠠᠨ ᠢᠶᠡᠷ ᠲᠤᠬᠠᠢ ᠶᠢᠨ ᠪᠦᠰᠡ ᠨᠤᠲᠤᠭ ᠤᠨ ᠭᠤᠪᠢ ᠶᠢᠨ ᠤᠯᠠᠭᠠᠨ ᠲᠡᠮᠡᠭᠡ 2002 ᠤᠨ ᠳᠤ 4000 ᠪᠠᠶᠢᠭᠰᠠᠨ ᠡᠴᠡ ᠤᠳᠤ ᠪᠠᠷᠤᠭ 5 ᠲᠦᠮᠡ ᠳᠤ ᠬᠦᠷᠴᠠᠢ᠃

    ᠡᠨᠡᠬᠦ ᠤᠷᠠᠯᠢᠭ ᠤᠨ ᠤᠷᠳᠤᠨ ᠤᠷᠠᠳ ᠤᠨ ᠬᠤᠶᠢᠲᠤ ᠬᠤᠰᠢᠭᠤᠨ ᠤ ᠨᠠᠭᠠᠲᠤᠮ ᠪᠠᠶ᠎ᠠ ᠶᠢᠨ ᠲᠠᠮᠢᠷ ᠤᠨ ᠬᠦᠷᠢᠶᠡᠯᠡᠩ ᠳᠤ ᠪᠠᠶᠢᠷᠢᠯᠡᠵᠤ᠂ ᠬᠤᠰᠢᠭᠤᠨ ᠤ ᠵᠠᠰᠠᠭ ᠤᠨ ᠤᠷᠳᠤᠨ ᠡᠴᠡ 200 ᠲᠦᠮᠡᠨ ᠲᠦᠬᠦᠷᠢᠭ᠌ ᠤᠨ ᠬᠦᠷᠦᠩᠭᠡ ᠤᠷᠤᠭᠤᠯᠵᠤ ᠪᠠᠶᠢᠭᠤᠯᠤᠭᠰᠠᠨ ᠶᠤᠮ᠃ 500 ᠺᠦᠸᠠᠳ᠋ ᠮᠸᠲ᠋ᠷ ᠲᠠᠯᠠᠪᠠᠢ ᠲᠠᠢ᠂ ᠦᠵᠡᠰᠭᠦᠯᠡᠩ ᠤᠨ ᠲᠢᠩᠬᠢᠮ ᠨᠢ《ᠬᠠᠨ ᠲᠡᠭᠷᠢ ᠶᠢᠨ ᠬᠤᠪᠢᠯᠭᠠᠨ ᠲᠦᠯ》《 ᠰᠠᠬᠢᠨ ᠪᠠᠷᠠᠭᠠᠯᠠᠵᠤ ᠬᠠᠮᠲᠤ ᠪᠡᠷ ᠤᠷᠤᠭᠰᠢᠯᠠᠬᠤ》 ᠵᠡᠷᠭᠡ 5 ᠬᠡᠰᠡᠭ ᠢᠶᠡᠷ ᠪᠦᠷᠢᠯᠳᠤᠵᠤ᠂ ᠳᠤᠮᠳᠠᠳᠤ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ - ᠡᠷᠳᠠᠨᠢ ᠶᠢᠨ ᠤᠷᠠᠳ ᠤᠨ ᠰᠢᠪᠠᠷ ᠪᠠᠷᠢᠮᠠᠯ ᠤᠨ ᠤᠷᠠᠯᠠᠯ ᠢ ᠭᠤᠤᠯᠳᠠᠯᠭ᠎ᠠ ᠲᠠᠢ ᠳᠡᠯᠭᠡᠨ ᠦᠵᠡᠭᠦᠯᠵᠤ᠂ ᠮᠣᠩᠭᠣᠯ ᠦᠨᠳᠦᠰᠦᠲᠠᠨ ᠤ ᠤᠯᠠᠭᠠᠨ ᠲᠡᠮᠡᠭᠡ ᠪᠡᠨ ᠬᠠᠶᠢᠷᠠᠯᠠᠬᠤ᠂ ᠪᠠᠶᠢᠭᠠᠯᠢ ᠤᠷᠴᠢᠨ ᠢᠶᠡᠨ ᠰᠢᠲᠦᠨ ᠪᠢᠰᠢᠷᠡᠳᠡᠭ ᠰᠠᠨᠠᠭ᠎ᠠ ᠠᠬᠤᠢ ᠶᠢ ᠢᠯᠡᠳᠭᠡᠵᠠᠢ᠃

    ᠤᠶᠢᠯᠠᠭᠠᠭᠰᠠᠨ ᠢᠶᠡᠷ᠂ ᠲᠤᠰ ᠤᠷᠳᠤᠨ ᠤᠯᠠᠮ ᠴᠢᠨᠠᠭᠰᠢᠲᠠ ᠴᠡᠭᠴᠡᠯᠠᠵᠤ᠂ ᠰᠢᠪᠠᠷ ᠪᠠᠷᠢᠮᠠᠯ ᠤᠨ ᠪᠦᠲᠦᠭᠡᠯ ᠢ ᠳᠡᠯᠭᠡᠨ ᠦᠵᠡᠭᠦᠯᠤᠨ᠂ ᠭᠤᠪᠢ ᠶᠢᠨ ᠤᠯᠠᠭᠠᠨ ᠲᠡᠮᠡᠭᠡᠨ ᠤ ᠰᠤᠶᠤᠯ ᠢ ᠰᠤᠳᠤᠯᠤᠨ ᠤᠯᠠᠮᠵᠢᠯᠠᠵᠤ ᠪᠠᠢᠢᠭᠠᠳ ᠳᠤᠮᠳᠠᠳᠤ ᠤᠯᠤᠰ ᠤᠨ ᠭᠤᠪᠢ ᠶᠢᠨ ᠤᠯᠠᠭᠠᠨ ᠲᠡᠮᠡᠭᠡ ᠶᠢᠨ ᠰᠤᠶᠤᠯ ᠪᠤᠯᠤᠨ ᠰᠢᠪᠠᠷ ᠪᠠᠷᠢᠮᠠᠯ ᠤᠨ ᠰᠤᠶᠤᠯ ᠤᠨ ᠰᠤᠳᠤᠯᠭᠠᠨ ᠤ ᠰᠠᠭᠤᠷᠢᠨ ᠪᠤᠯᠭᠠᠨ ᠪᠠᠶᠢᠭᠤᠯᠬᠤ ᠲᠦᠯᠦᠪᠯᠡᠭᠡ ᠲᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121192831