蒙古文网站Logo
ᠰᠢᠨᠬᠤᠸᠠ ᠮᠤᠩᠭ᠋ᠤᠯ ᠨᠧᠲ

《ᠦᠨᠢᠷ ᠴᠡᠴᠡᠭ -ᠰᠢᠯᠤᠭᠤᠨ ᠬᠦᠪᠡᠭᠡᠲᠦ ᠴᠠᠭᠠᠨ》ᠰᠦᠯᠵᠢᠶ᠎ᠠ ᠶᠢᠨ ᠤᠷᠠᠨ ᠵᠤᠬᠢᠶᠠᠯ ᠤᠨ ᠨᠠᠭᠠᠳᠤᠮ ᠠᠮᠵᠢᠯᠳᠠ ᠲᠠᠢ ᠶᠠᠪᠤᠬᠳᠠᠯ᠎ᠠ

2017-06-30 18:17

    6 ᠰᠠᠷ᠎ᠠ ᠶᠢᠨ 26 ᠤ ᠡᠳᠦᠷ᠂《ᠦᠨᠢᠷ ᠴᠡᠴᠡᠭ》ᠰᠡᠳᠬᠦᠯ ᠤᠨ ᠬᠤᠷᠢᠶ᠎ᠠ᠂ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠦᠨᠳᠦᠰᠦᠲᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠬᠠᠮᠲᠤᠷᠠᠨ ᠡᠷᠬᠢᠯᠡᠭᠰᠡᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠢ ᠪᠡᠯᠭᠡᠯᠡᠬᠦ《ᠦᠨᠢᠷ ᠴᠡᠴᠡᠭ -ᠰᠢᠯᠤᠭᠤᠨ ᠬᠦᠪᠡᠭᠡᠲᠦ ᠴᠠᠭᠠᠨ》ᠰᠦᠯᠵᠢᠶ᠎ᠡ ᠶᠢᠨ ᠤᠷᠠᠨ ᠵᠤᠬᠢᠶᠠᠯ ᠤᠨ ᠨᠠᠭᠠᠲᠤᠮ ᠤᠨ ᠱᠠᠩᠨᠠᠯ ᠤᠯᠭᠤᠬᠤ ᠶᠤᠰᠤᠯᠠᠯ ᠰᠢᠯᠤᠭᠤᠨ ᠬᠦᠪᠡᠭᠡᠲᠦ ᠴᠠᠭᠠᠨ ᠬᠤᠰᠢᠭᠤᠨ ᠳᠤ ᠠᠮᠵᠢᠯᠲᠠ ᠲᠠᠢ ᠶᠠᠪᠤᠭᠳᠠᠯ᠎ᠠ᠃

《ᠦᠨᠢᠷ ᠴᠡᠴᠡᠭ》ᠰᠡᠳᠬᠦᠯ ᠤᠨ ᠶᠡᠷᠦᠩᠬᠡᠢ ᠨᠠᠶᠢᠷᠠᠭᠤᠯᠤᠭᠴᠢ ᠰᠤ᠋•ᠡᠷᠳᠡᠨᠢ

ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠤᠬᠠᠭᠤᠯᠬᠤ ᠬᠡᠯᠲᠡᠰ ᠤᠨ ᠳᠠᠷᠤᠭ᠎ᠠ ᠠᠷᠢᠭᠤᠨ᠎ᠠ

    ᠲᠤᠰ ᠨᠠᠭᠠᠲᠤᠮ ᠳᠤ ᠦᠪᠦᠷ ᠮᠤᠩᠭᠤᠯ᠂ ᠪᠡᠭᠡᠵᠢᠩ᠂ ᠬᠦᠬᠡᠨᠠᠭᠤᠷ᠂ ᠭᠠᠨᠰᠦ᠂ ᠰᠢᠨᠵᠢᠶᠠᠩ ᠵᠡᠷᠭᠡ ᠮᠤᠵᠢ ᠬᠤᠲᠠ᠂ ᠮᠠᠨ ᠤ ᠤᠷᠤᠨ ᠤ 165 ᠤᠷᠠᠨ ᠪᠦᠲᠦᠭᠡᠯᠴᠢ ᠶᠢᠨ 191 ᠤᠷᠠᠨ ᠪᠦᠲᠦᠭᠡᠯ ᠤᠷᠤᠯᠴᠠᠵᠦ᠂ 25 ᠤᠷᠠᠨ ᠪᠦᠲᠦᠭᠡᠯ ᠰᠢᠯᠭᠠᠷᠠᠨ ᠦᠯᠡᠳᠡᠪᠡ᠃ ᠱᠠᠩᠨᠠᠯ ᠤᠯᠭᠤᠬᠤ ᠶᠤᠰᠤᠯᠠᠯ ᠳᠤ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠤᠷᠠᠯᠢᠭᠴᠢᠳ ᠠᠴᠠ ᠭᠤᠴᠤ ᠰᠠᠶᠢᠬᠠᠨ ᠲᠤᠭᠯᠠᠯᠲᠠ ᠪᠠᠨ ᠰᠤᠨᠢᠷᠬᠠᠭᠤᠯᠤᠭᠰᠠᠨ ᠪᠦᠬᠡᠳ ᠱᠠᠩᠨᠠᠯ ᠬᠦᠷᠳᠡᠭᠰᠡᠨ ᠵᠤᠬᠢᠶᠠᠯᠴᠢᠳ ᠤᠨ ᠲᠦᠯᠦᠭᠡᠯᠡᠭᠴᠢ ᠠᠴᠠ ᠤᠷᠠᠨ ᠪᠦᠲᠦᠭᠡᠯ ᠢᠶᠠᠨ ᠤᠶᠠᠩᠭᠠᠯᠠᠨ ᠤᠩᠰᠢᠯ᠎ᠠ᠃ ᠠᠭᠠᠳᠤᠮ ᠳᠤ᠂《ᠦᠨᠢᠷ ᠴᠡᠴᠡᠭ》ᠰᠡᠳᠬᠦᠯ ᠤᠨ ᠶᠡᠷᠦᠩᠬᠡᠢ ᠨᠠᠶᠢᠷᠠᠭᠤᠯᠤᠭᠴᠢ ᠰᠤ᠋•ᠡᠷᠳᠡᠨᠢ᠂ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠤᠬᠠᠭᠤᠯᠬᠤ ᠬᠡᠯᠲᠡᠰ ᠤᠨ ᠳᠠᠷᠤᠭ᠎ᠠ ᠠᠷᠢᠭᠤᠨ᠎ᠠ᠂ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠲ•ᠰᠤᠶᠤᠯᠲᠦ ᠨᠠᠷ ᠬᠢᠬᠡᠳ ᠦᠪᠦᠷ ᠮᠤᠩᠭᠤᠯ᠂ ᠰᠢᠨᠵᠢᠶᠠᠩ ᠠᠴᠠ ᠬᠦᠷᠦᠯᠴᠠᠨ ᠢᠷᠡᠭᠰᠡᠨ ᠱᠠᠩᠨᠠᠯᠲᠦ ᠵᠣᠬᠢᠶᠠᠯᠴᠢ᠂ ᠤᠷᠠᠨ ᠵᠤᠬᠢᠶᠠᠯ ᠤᠨ ᠲᠤᠷ᠎ᠠ ᠪᠠᠭ᠋ᠠᠲᠠᠳ ᠪᠠ ᠮᠠᠯᠴᠢᠳ ᠤᠷᠤᠯᠴᠠᠭᠰᠠᠨ ᠪᠠᠶᠢᠨ᠎ᠠ᠃

ᠬᠠᠮᠳᠦ ᠶᠢᠨ ᠵᠢᠷᠤᠭ

    ᠲᠤᠰ ᠠᠵᠢᠯᠯᠠᠭ᠎ᠠ ᠨᠢ《ᠦᠨᠢᠷ ᠴᠡᠴᠡᠭ》ᠰᠡᠳᠬᠦᠯ ᠤᠨ ᠬᠤᠷᠢᠶ᠎ᠠ ᠠᠴᠠ ᠡᠷᠬᠢᠯᠡᠭᠰᠡᠨ ᠠᠩᠬᠠᠳᠤᠭᠠᠷ ᠬᠤᠭᠤᠴᠠᠭᠠᠨ ᠤ ᠰᠦᠯᠵᠢᠶ᠎ᠠ ᠶᠢᠨ ᠤᠷᠠᠨ ᠵᠤᠬᠢᠶᠠᠯ ᠤᠨ ᠨᠠᠭᠠᠳᠤᠮ ᠪᠠᠶᠢᠵᠤ᠂ ᠤᠷᠤᠯᠴᠠᠭᠰᠠᠨ ᠬᠦᠷᠢᠶ᠎ᠡ ᠬᠡᠪᠴᠢᠶ᠎ᠡ ᠦᠷᠭᠡᠨ᠂ ᠵᠣᠬᠢᠶᠠᠯ ᠪᠦᠲᠦᠭᠡᠯ ᠤᠯᠠᠨ ᠪᠦᠭᠡᠳ ᠴᠢᠨᠠᠷ ᠰᠠᠶᠢᠨ ᠪᠦᠲᠦᠭᠡᠯ ᠤᠯᠠᠨᠲᠠᠢ᠂ ᠰᠦᠯᠵᠢᠶ᠎ᠠ ᠶᠢᠨ ᠤᠷᠠᠨ ᠵᠤᠬᠢᠶᠠᠯ ᠤᠨ ᠰᠢᠨᠵᠢ ᠶᠢ ᠬᠠᠳᠠᠭᠠᠯᠠᠵᠦ ᠴᠢᠳᠠᠭᠰᠠᠨ ᠢᠶᠠᠷ ᠤᠨᠴᠠᠯᠢᠭᠳᠠᠵᠦ᠂ ᠮᠤᠩᠭᠤᠯ ᠬᠡᠯᠡᠨ ᠤ ᠰᠦᠯᠵᠢᠶ᠎ᠠ ᠶᠢᠨ ᠤᠷᠠᠨ ᠵᠤᠬᠢᠶᠠᠯ ᠤᠨ ᠰᠢᠨ᠎ᠡ ᠬᠦᠭᠵᠢᠯᠲᠠ ᠶᠢ ᠴᠢᠨᠠᠬᠰᠢᠳᠠ ᠲᠦᠯᠬᠢᠨ ᠠᠬᠢᠭᠤᠯᠤᠭᠰᠠᠨ ᠪᠠᠶᠢᠨ᠎ᠠ᠃

ᠱᠠᠩᠨᠠᠯ ᠤᠯᠭᠤᠬᠤ ᠶᠤᠰᠤᠯᠠᠯ ᠤᠨ ᠠᠬᠤᠢ ᠲᠠᠯᠠᠪᠠᠢ

    ᠤᠢᠢᠯᠠᠭᠠᠭᠰᠠᠨ ᠢᠶᠠᠷ᠂ 7 ᠰᠠᠷ᠎ᠠ ᠳᠤ《ᠦᠨᠢᠷ ᠴᠡᠴᠡᠭ》ᠰᠡᠳᠬᠦᠯ ᠤᠨ app ᠤᠩᠰᠢᠭᠴᠢᠳ ᠲᠠᠢ ᠪᠠᠨ ᠵᠤᠯᠭᠠᠬᠤ ᠶᠢ ᠳᠠᠭᠠᠯᠳᠤᠨ ᠴᠤᠯ ᠤᠷᠠᠨ ᠵᠤᠬᠢᠶᠠᠯ ᠤᠨ ᠰᠦᠯᠵᠢᠶᠡᠨ ᠰᠡᠳᠬᠦᠯ ᠮᠡᠨᠳᠦᠯᠡᠬᠦ ᠪᠦᠭᠡᠳ ᠮᠤᠩᠭᠤᠯ ᠬᠡᠯᠡᠨ ᠤ ᠰᠦᠯᠵᠢᠶ᠎ᠠ ᠶᠢᠨ ᠤᠷᠠᠨ ᠵᠤᠬᠢᠶᠠᠯ ᠳᠤ ᠰᠢᠨ᠎ᠡ ᠲᠠᠪᠴᠠᠩ ᠬᠠᠩᠭᠠᠬᠤ ᠪᠤᠯᠤᠨ᠎ᠠ᠃

    ᠳᠡᠷᠢᠭᠦᠨ ᠱᠠᠩᠨᠠᠯ᠄

    ᠪᠦᠳᠦᠭᠡᠯ᠄ ᠦᠭᠦᠯᠡᠯᠭᠡ《ᠬᠤᠶᠠᠷ ᠮᠤᠤᠷ ᠤᠨ ᠦᠯᠢᠭᠡᠷ》 ᠵᠤᠬᠢᠶᠠᠭᠴᠢ᠄ ᠤ •ᠨᠠᠷᠭᠢᠯ (ᠲᠦᠩᠯᠢᠶᠤᠤ ᠬᠤᠲᠠ ᠶᠢᠨ ᠵᠠᠷᠤᠳ ᠬᠤᠰᠢᠭᠤ)

    ᠳᠡᠳ᠋ ᠱᠠᠩᠨᠠᠯ᠄

    ᠪᠦᠳᠦᠭᠡᠯ᠄ ᠦᠭᠦᠯᠡᠯᠭᠡ《ᠨᠠᠷᠠ ᠮᠠᠨᠳᠤᠬᠤ ᠦᠶ᠎ᠡ》 ᠵᠤᠬᠢᠶᠠᠭᠴᠢ᠄ ᠵᠢ‍•ᠴᠡᠩᠬᠡᠯ(ᠤᠯᠠᠭᠠᠨᠬᠠᠳᠠ ᠬᠤᠲᠠ ᠶᠢᠨ ᠤᠩᠨᠢᠭᠤᠳ ᠬᠤᠰᠢᠭᠤ)

    ᠪᠦᠳᠦᠭᠡᠯ᠄ ᠨᠠᠶᠢᠷᠠᠭᠤᠯᠤᠯ《ᠬᠦᠢᠲᠡᠨ ᠤ ᠴᠢᠨᠠᠷ》 ᠵᠤᠬᠢᠶᠠᠭᠴᠢ᠄ ᠱᠢᠷᠦᠨᠴᠢᠮᠡᠭ (ᠰᠢᠯᠢ ᠶᠢᠨ ᠭᠤᠤᠯ ᠤᠨ ᠰᠤᠨᠢᠨ ᠤ ᠬᠤᠷᠢᠶ᠎ᠠ)

    ᠪᠦᠳᠦᠭᠡᠯ᠄ ᠰᠢᠯᠦᠭ《ᠰᠠᠯᠬᠢᠨ ᠤ ᠵᠦᠭᠡᠯᠡᠨ ᠭᠠᠷ》ᠵᠤᠬᠢᠶᠠᠭᠴᠢ᠄ ᠰ•ᠡᠷᠬᠢᠮᠪᠠᠶᠠᠷ(ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ)

    ᠭᠤᠳᠠᠭᠠᠷ ᠱᠠᠩᠨᠠᠯ ᠬᠦᠷᠳᠡᠭᠰᠡᠳ᠄ ᠪᠠᠶᠠᠨᠨᠠᠭᠤᠷ ᠤᠨ ᠬᠤᠩᠭᠤᠷᠵᠤᠯᠠ᠂ ᠬᠦᠬᠡᠨᠠᠭᠤᠷ ᠤᠨ ᠬᠦᠬᠡᠰᠢᠯᠢ᠂ ᠠᠯᠠᠱᠠ ᠶᠢᠨ ᠵᠡᠭᠦᠨᠭᠠᠷ ᠪᠠᠲᠤᠴᠠᠭᠠᠨ᠂ ᠲᠦᠩᠯᠢᠶᠤᠤ ᠶᠢᠨ ᠰᠢᠪᠰᠢᠭᠤᠳ ᠨᠠᠷᠠᠨ᠂ ᠰᠢᠯᠢ ᠶᠢᠨ ᠭᠤᠤᠯ ᠤᠨ ᠮᠦᠨᠴᠢᠯᠠᠭᠤ᠂ ᠤᠯᠠᠭᠠᠨᠬᠠᠳᠠ ᠶᠢᠨ ᠢᠯᠡᠭᠦᠳ ᠡᠭᠡᠰᠢᠭ᠌

    ᠰᠢᠯᠢᠳᠡᠭ ᠱᠠᠩᠨᠠᠯ ᠬᠦᠷᠳᠡᠭᠰᠡᠳ᠄ ᠴ•ᠫᠦᠷᠪᠠᠢ᠂ ᠳᠠᠭᠤᠳᠠᠭᠠᠴᠢ ᠠᠯᠲᠠᠨ᠋ᠧᠴᠢᠷ᠂ ᠢ‍•ᠭᠡᠷᠡᠯᠲᠦ᠂ ᠰᠤᠶᠤᠯᠮᠠᠨᠳᠠ᠂ ᠪ•ᠪᠢᠯᠢᠭ᠌᠂ ᠰ•ᠲᠡᠮᠦᠷ᠂ ᠳ᠋•ᠲᠦᠮᠡᠨᠰᠠᠩ᠂ ᠡᠷᠬᠢᠮᠲᠤᠭᠳᠠᠬᠤ᠂ ᠷ•ᠪᠠᠲᠤᠮᠦ᠋ᠩᠬᠡ᠂ ᠦᠦᠷᠢᠨᠲᠤᠶᠠᠭ᠎ᠠ᠂ ᠭᠤ᠋•ᠠᠯᠮᠠᠰ᠂ ᠫ•ᠤᠶᠤᠨᠭᠡᠷᠡᠯ᠂ ᠨᠠᠮᠵᠢᠯ ᠤᠨ ᠮᠦᠩᠬᠡᠪᠠᠶᠠᠷ᠂ ᠴᠠᠭᠠᠨᠪᠠᠭᠠᠲᠤᠷ᠂ ᠬᠡᠮᠴᠢᠬᠦᠳ ᠪᠤᠯᠠᠭ

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121243640