蒙古文网站Logo
ᠰᠢᠨᠬᠤᠸᠠ ᠮᠤᠩᠭ᠋ᠤᠯ ᠨᠧᠲ

《 ᠬᠠᠶᠢᠯᠠᠷ ᠴᠤᠮᠤ》 ᠲᠠᠯ᠎ᠠ  ᠨᠤᠲᠤᠭ ᠤᠨ ᠤᠳᠤᠨ ᠦᠪᠦᠷ ᠮᠣᠩᠭᠣᠯ ᠤᠨ ᠵᠠᠯᠠᠭᠤ ᠲᠠᠭᠤᠴᠢᠳ ᠤᠨ ᠳᠠᠭᠤᠦ ᠶᠢᠨ ᠤᠷᠤᠯᠳᠤᠭᠠᠨ ᠡᠬᠢᠯᠡᠪᠡ

2017-07-04 16:57

    ᠰᠢᠨᠬᠤᠸᠠ ᠨᠸᠲ  ᠬᠦᠬᠡᠬᠤᠲᠠ ᠶᠢᠨ 7 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ ( ᠯᠢ ᠴᠢᠶᠠᠨ) 3  ᠤ ᠡᠳᠦᠷ᠂ 《 ᠬᠠᠶᠢᠯᠠᠷ ᠴᠤᠮᠤ》 ᠲᠠᠯ᠎ᠠ  ᠨᠤᠲᠤᠭ ᠤᠨ ᠤᠳᠤᠨ ᠲᠠᠪᠤᠳᠤᠭᠠᠷ ᠬᠤᠭᠤᠴᠠᠭᠠᠨ ᠤ ᠦᠪᠦᠷ ᠮᠣᠩᠭᠣᠯ ᠤᠨ ᠵᠠᠯᠠᠭᠤ ᠳᠠᠭᠤᠴᠢᠳ ᠤᠨ ᠲᠸᠯᠸᠢᠰ ᠱᠠᠩᠨᠠᠯᠲᠤ ᠤᠷᠤᠯᠳᠤᠭᠠᠨ ᠬᠦᠬᠡᠬᠤᠲᠠ ᠳᠤ ᠡᠬᠢᠯᠡᠪᠡ᠃ ᠰᠤᠩᠭ᠋ᠤᠳᠠᠭ ᠳᠠᠭᠤᠯᠠᠯᠭ᠎ᠠ᠂ ᠠᠷᠠᠳ ᠤᠨ ᠳᠠᠭᠤᠤ ᠶᠢᠨ ᠳᠠᠭᠤᠯᠠᠯᠭ᠎ᠠ᠂ ᠮᠣᠩᠭᠣᠯ ᠦᠨᠳᠦᠰᠦᠲᠡᠨ ᠤ ᠤᠷᠲᠤ ᠶᠢᠨ ᠳᠠᠭᠤᠤ ᠶᠢᠨ ᠳᠠᠭᠤᠯᠠᠯᠭ᠎ᠠ᠂ ᠫᠤᠫ ᠳᠠᠭᠤᠯᠠᠯᠭ ᠠ ᠵᠡᠷᠭᠡ ᠲᠦᠷᠪᠡᠨ ᠲᠦᠷᠦᠯ ᠳᠤ ᠬᠤᠪᠢᠶᠠᠨ ᠤᠷᠤᠯᠳᠤᠨ᠎ᠠ᠃ ᠤᠳᠤᠬᠠᠨ ᠳᠤ ᠬᠦᠯᠦᠨ ᠪᠤᠶᠢᠷ᠂ ᠪᠤᠭᠤᠲᠤ᠂ ᠪᠠᠶᠠᠨᠨᠠᠭᠤᠷ᠂ ᠰᠢᠯᠢ ᠶᠢᠨ ᠭᠤᠤᠯ ᠲᠦᠷᠪᠡᠨ ᠤᠷᠤᠯᠳᠤᠭᠠᠨ ᠤ ᠲᠠᠯᠠᠪᠤᠷ ᠤᠨ ᠰᠢᠯᠭᠠᠷᠠᠭᠤᠯᠤᠯᠲᠠ ᠵᠡᠷᠭᠡ ᠪᠡᠷ ᠡᠬᠢᠯᠡᠪᠡ᠃

    ᠦᠪᠦᠷ ᠮᠣᠩᠭᠣᠯ ᠤᠨ ᠷᠠᠳ᠋ᠢᠤ᠋ ᠲᠸᠯᠸᠢᠰ ᠬᠤᠷᠢᠶ᠎ᠠ ᠶᠢᠨ ᠲᠤᠮᠤ ᠬᠡᠯᠪᠡᠷᠢ ᠶᠢᠨ ᠠᠵᠢᠯᠯᠠᠭᠠᠨ ᠤ ᠫᠷᠦᠭᠷᠡᠮ ᠤᠨ ᠲᠦᠪ ᠤᠨ ᠡᠷᠬᠢᠯᠡᠭᠴᠢ ᠸᠠᠩ ᠳ᠋ᠠ ᠸᠸᠢ ᠶᠢᠨ ᠲᠠᠨᠢᠯᠴᠠᠭᠤᠯᠤᠭᠰᠠᠨ ᠢᠶᠡᠷ᠂ ᠲᠤᠰ ᠤᠳᠠᠭᠠᠨ ᠤ ᠤᠷᠤᠯᠳᠤᠭᠠᠨ ᠳᠤ ᠬᠤᠶᠠᠳᠤᠭᠠᠷ ᠨᠡᠪᠲᠡᠷᠡᠭᠦᠯᠬᠦ ᠲᠠᠰᠤᠭ ᠲᠤᠬᠢᠷᠠᠭᠤᠯᠤᠨ᠂ ᠭᠤᠷᠪᠠᠳᠤᠭᠠᠷ ᠬᠠᠷᠠᠭᠠᠰᠤ ᠡᠴᠡ ᠤᠷᠤᠯᠳᠤᠭᠠᠨ ᠢ ᠠᠩᠬᠠᠷᠴᠤ᠂ ᠠᠬᠤᠢ ᠲᠠᠯᠠᠪᠠᠢ ᠶᠢᠨ ᠮᠡᠳᠡᠷᠡᠮᠵᠢ ᠠᠭᠤᠷ ᠠᠮᠢᠰᠬᠤᠯ ᠢ ᠪᠤᠢ ᠪᠤᠯᠭᠠᠨ᠎ᠠ᠃ ᠤᠷᠤᠯᠴᠠᠭᠰᠠᠳ᠂ ᠬᠢᠨᠠᠭᠴᠢ᠂ ᠲᠤᠰᠬᠠᠢ ᠮᠡᠷᠭᠡᠵᠢᠯᠲᠠᠨ᠂ ᠠᠬᠠᠨ ᠲᠡᠭᠦᠤᠰ ᠤᠨ ᠪᠠᠭ ᠢ ᠺᠠᠮᠸᠷᠠ ᠪᠡᠷ ᠰᠤᠯᠪᠢᠴᠠᠭᠤᠯᠤᠨ ᠨᠡᠪᠳᠡᠷᠡᠭᠦᠯᠵᠦ᠂ ᠠᠬᠤᠢ ᠲᠠᠯᠠᠪᠠᠢ ᠵᠢᠨ ᠬᠦᠷ ᠭᠦᠭ᠍ᠵᠢᠶᠡᠨ ᠢ ᠨᠡᠮᠡᠭᠳᠡᠭᠦᠯᠦᠨ᠎ᠠ ᠭᠡᠯ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121262845