蒙古文网站Logo
ᠰᠢᠨᠬᠤᠸᠠ ᠮᠤᠩᠭ᠋ᠤᠯ ᠨᠧᠲ

ᠬᠤᠶᠠᠲᠤᠭᠠᠷ ᠬᠤᠭᠤᠴᠠᠭᠠᠨ ᠤ ᠵᠠᠷᠤᠳ ᠤᠨ ᠲᠡᠦᠬᠡ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠬᠤᠷᠠᠯᠲᠤᠪᠠ

2017-07-09 11:07

    ᠰᠢᠨᠬᠤᠧᠠ ᠮᠤᠩᠭᠤᠯ ᠨᠧᠲ   ᠬᠦᠬᠡᠬᠤᠲᠠ ᠶᠢᠨ 7 ᠰᠠᠷ᠎ᠠ ᠶᠢᠨ 9 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ )  7 ᠰᠠᠷ᠎ᠠ ᠶᠢᠨ 8 ᠤ ᠡᠲᠦᠷ᠂ ᠵᠠᠷᠤᠳ ᠤᠨ ᠲᠡᠦᠬᠡ ᠰᠤᠶᠤᠯ ᠢ ᠰᠤᠲᠤᠯᠵᠤ᠂ ᠵᠠᠷᠤᠳ ᠬᠤᠰᠢᠭᠤᠨ ᠤ ᠨᠡᠶᠢᠭᠡᠮ ᠤᠨ ᠴᠡᠴᠡᠭᠯᠡᠯ ᠬᠦᠭ᠍ᠵᠢᠯᠲᠠ ᠳ᠋ᠤ ᠦᠢᠯᠡᠴᠢᠯᠡᠬᠦᠯᠬᠦ ᠵᠤᠷᠢᠯᠭ᠎ᠠ ᠪᠡᠷ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠮᠤᠩᠭᠤᠯ ᠰᠤᠲᠤᠯᠤᠯ ᠤᠨ ᠰᠤᠲᠤᠯᠭᠠᠨ ᠤ ᠲᠦᠪ᠂ ᠦᠪᠦᠷ ᠮᠤᠩᠭᠤᠯ ᠤᠨ ᠲᠡᠦᠬᠡ ᠰᠤᠲᠤᠯᠭᠠᠨ ᠤ ᠨᠡᠶᠢᠭᠡᠮᠯᠢᠭ᠂ ᠵᠠᠷᠤᠳ ᠬᠤᠰᠢᠭᠤᠨ ᠤ ᠨᠠᠮ ᠤᠨ ᠬᠤᠷᠢᠶ᠌᠎ᠠ᠂ ᠵᠠᠰᠠᠭ ᠤᠨ ᠤᠷᠲᠤᠨ ᠬᠠᠮᠲᠤᠷᠠᠨ ᠬᠤᠶᠠᠲᠤᠭᠠᠷ ᠬᠤᠭᠤᠴᠠᠭᠠᠨ ᠤ ᠵᠠᠷᠤᠳ ᠤᠨ ᠲᠡᠦᠬᠡ ᠰᠤᠶᠤᠯ ᠤᠨ ᠡᠷᠲᠡᠮ ᠰᠢᠨᠵᠢᠯᠡᠭᠡᠨ ᠤ ᠬᠤᠷᠠᠯ ᠢ ᠵᠠᠷᠤᠳ ᠬᠤᠰᠢᠭᠤᠨ ᠤ ᠯᠦᠪᠧᠢ ᠪᠠᠯᠭᠠᠰᠤᠨ ᠳ᠋ᠤ ᠵᠤᠬᠢᠶᠠᠨ ᠪᠠᠶᠢᠭᠤᠯᠪᠠ᠃

    ᠡᠨᠡᠬᠦ ᠡᠷᠲᠡᠮ ᠰᠢᠨᠵᠢᠯᠡᠭᠡᠨ ᠤ ᠬᠤᠷᠠᠯ ᠨᠢ ᠵᠠᠷᠤᠳ ᠠᠶᠢᠮᠠᠭ ᠤᠨ ᠡᠬᠦᠰᠦᠯ᠂ ᠬᠤᠪᠢᠰᠤᠯ᠂ ᠨᠡᠬᠦᠲᠡᠯ ᠮᠠᠯᠵᠢᠯ ᠤᠨ ᠬᠤᠪᠢᠰᠤᠯ᠂ ᠵᠠᠷᠤᠳ ᠤᠨ ᠤᠯᠠᠮᠵᠢᠯᠠᠯᠲᠤ ᠰᠤᠶᠤᠯ ᠤᠷᠠᠯᠢᠭ᠂ ᠵᠠᠩ ᠦᠢᠯᠡ᠂ ᠵᠠᠷᠤᠳ ᠤᠪᠤᠭ᠎ᠠ ᠵᠢᠴᠢ ᠵᠠᠷᠤᠳ ᠤᠨ ᠦᠨᠳᠦᠰᠦᠲᠡᠨ ᠤ ᠰᠤᠶᠤᠯ ᠤᠨ ᠬᠦᠭ᠍ᠵᠢᠯᠲᠠ ᠶᠢᠨ ᠤᠲᠤ ᠶᠢᠨ ᠪᠠᠶᠢᠲᠠᠯ ᠤᠨ ᠲᠤᠬᠠᠢ ᠡᠷᠲᠡᠮ ᠰᠢᠨᠵᠢᠯᠡᠭᠡᠨ ᠤ ᠲᠤᠭᠤᠷᠢᠨ ᠳ᠋ᠤ ᠰᠤᠲᠤᠯᠤᠨ ᠶᠠᠷᠢᠯᠴᠠᠬᠤ ᠪᠤᠯᠤᠨ᠎ᠠ᠃

    ᠤᠶᠢᠯᠠᠭᠠᠭᠰᠠᠨ ᠢᠶᠡᠷ᠂ ᠬᠤᠷᠠᠯ ᠤᠨ ᠦᠶ᠎ᠠ ᠪᠡᠷ ᠨᠠᠨᠺᠠᠢ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠂ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ᠂ ᠠᠦ᠋ᠰᠲ᠋ᠷᠡᠯᠢᠶ᠎ᠠ ᠶᠢᠨ ᠤᠯᠤᠰ ᠤᠨ ᠶᠡᠬᠡ ᠰᠤᠷᠭᠠᠭᠤᠯᠢ ᠶᠢᠨ ᠠᠽᠢᠶ᠎ᠠ ᠨᠤᠮᠤᠬᠠᠨ ᠲᠠᠯᠠᠢ ᠶᠢᠨ ᠬᠦᠷᠢᠶᠡᠯᠡᠩ᠂ ᠲᠤᠮᠲᠠᠲᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠦᠪᠦᠷ ᠮᠤᠩᠭᠤᠯ ᠤᠨ ᠶᠡᠬᠡ ᠰᠤᠷᠭᠠᠭᠤᠯᠢ᠂ ᠦᠪᠦᠷ ᠮᠤᠩᠭᠤᠯ ᠤᠨ ᠪᠠᠭᠰᠢ ᠶᠢᠨ ᠶᠡᠬᠡ ᠰᠤᠷᠭᠠᠭᠤᠯᠢ᠂ ᠦᠪᠦᠷ ᠮᠤᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠵᠡᠷᠭᠡ ᠶᠡᠬᠡ ᠲᠡᠭᠡᠳᠦ ᠰᠤᠷᠭᠠᠭᠤᠯᠢ ᠶᠢᠨ ᠫᠷᠤᠹᠧᠰᠰᠤᠷ᠂ ᠲᠤᠰᠬᠠᠢ ᠮᠡᠷᠭᠡᠵᠢᠯᠲᠡᠨ᠂ ᠲᠡᠦᠬᠡ ᠰᠤᠶᠤᠯ ᠤᠨ ᠠᠵᠢᠯᠲᠠᠨ 120 ᠭᠠᠷᠤᠢ ᠬᠦᠮᠦᠨ ᠤᠷᠤᠯᠴᠠᠪᠠ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121288831