蒙古文网站Logo
ᠰᠢᠨᠬᠤᠸᠠ ᠮᠤᠩᠭ᠋ᠤᠯ ᠨᠧᠲ

ᠠᠷᠪᠠᠨ ᠨᠠᠶ᠋ᠮᠠᠳᠤᠭᠠᠷ ᠬᠤᠭᠤᠴᠠᠭᠠᠨ ᠤ ᠳᠤᠮᠳᠠᠳᠤ ᠤᠯᠤᠰ · ᠬᠦᠬᠡᠬᠤᠲᠠ ᠶᠢᠨ ᠵᠤᠤ ᠵᠢᠶᠦ᠋ᠨ ᠰᠤᠶᠤᠯ ᠤᠨ ᠨᠠᠶᠢᠷ ᠡᠬᠢᠯᠡᠪᠡ

2017-07-09 13:36

    7 ᠰᠠᠷ᠎ᠠ ᠶᠢᠨ 8 ᠤ ᠤᠷᠤᠢ᠂ ᠠᠷᠪᠠᠨ ᠨᠠᠶ᠋ᠮᠠᠳᠤᠭᠠᠷ ᠬᠤᠭᠤᠴᠠᠭᠠᠨ ᠤ ᠳᠤᠮᠳᠠᠳᠤ ᠤᠯᠤᠰ · ᠬᠦᠬᠡᠬᠤᠲᠠ ᠶᠢᠨ ᠵᠤᠤ ᠵᠢᠶᠦ᠋ᠨ ᠰᠤᠶᠤᠯ ᠤᠨ ᠨᠠᠶᠢᠷ ᠪᠤᠯᠤᠨ ᠲᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ · ᠬᠦᠬᠡᠬᠤᠲᠠ ᠶᠢᠨ ᠴᠦᠬᠡᠨ ᠲᠤᠭᠠᠲᠤ ᠦᠨᠳᠦᠰᠦᠲᠡᠨ ᠤ ᠰᠤᠶᠤᠯ ᠵᠢᠭᠤᠯᠴᠢᠯᠠᠯ ᠤᠨ ᠤᠷᠠᠯᠢᠭ ᠤᠨ ᠠᠵᠢᠯᠯᠠᠭ᠎ᠠ ( ᠳᠠᠷᠠᠭᠠᠴᠢ ᠪᠡᠷ ᠳᠦᠭᠦᠮᠴᠢᠯᠡᠭᠡᠳ ᠨᠢᠭᠡ ᠨᠠᠶᠢᠷ ᠨᠢᠭᠡ ᠠᠵᠢᠯᠯᠠᠭ᠎᠎ᠠ ᠭᠡᠨ᠎ᠠ) ᠦᠪᠦᠷ ᠮᠣᠩᠭᠣᠯ ᠤᠨ ᠦᠨᠳᠦᠰᠦᠲᠡᠨ ᠤ ᠤᠷᠠᠯᠢᠭ ᠤᠨ ᠲᠢᠶᠠᠲ᠋ᠷ ᠲᠤ ᠨᠡᠭᠡᠭᠡᠯᠲᠡ ᠪᠡᠨ ᠬᠢᠪᠡ᠃

    ᠤᠶᠢᠯᠠᠭᠠᠭᠰᠠᠨ ᠢᠶᠡᠷ᠂ 2017 ᠤᠨ ᠤ 《 ᠨᠢᠭᠡ ᠨᠠᠶᠢᠷ ᠨᠢᠭᠡ ᠠᠵᠢᠯᠯᠠᠭ᠎ᠠ》 ᠨᠢ ᠲᠠᠯ᠎ᠠ ᠨᠤᠲᠤᠭ ᠤᠨ ᠰᠤᠶᠤᠯ ᠢᠶᠡᠷ ᠭᠤᠤᠯ ᠰᠡᠳᠦᠪ ᠢᠶᠡᠨ ᠪᠤᠯᠭᠠᠵᠤ᠂ ᠵᠤᠤ ᠵᠢᠶᠦ᠋ᠨ ᠰᠤᠶᠤᠯ ᠢᠶᠡᠷ ᠤᠨᠴᠠᠯᠢᠭ ᠢᠶᠡᠨ ᠪᠤᠯᠭᠠᠨ᠂ ᠤᠯᠠᠨ ᠲᠦᠮᠡᠨᠴᠢ ᠰᠤᠶᠤᠯ ᠳᠤ ᠰᠠᠭᠤᠷᠢᠯᠠᠨ《 ᠵᠠᠰᠠᠭ ᠤᠨ ᠤᠷᠳᠤᠨ ᠭᠤᠤᠯᠯᠠᠨ᠂ ᠵᠠᠬ᠎ᠠ ᠵᠡᠭᠡᠯᠢ ᠶᠢᠨ ᠡᠵᠡᠭᠨᠡᠯᠲᠡ᠂ ᠨᠡᠶᠢᠭᠡᠮ ᠤᠨ ᠤᠷᠤᠯᠴᠠᠭ᠎ᠠ᠂ ᠠᠷᠪᠢᠯᠠᠨ ᠭᠠᠮᠨᠠᠵᠤ ᠬᠤᠷᠠᠯ ᠡᠷᠬᠢᠯᠡᠬᠦ》 ᠵᠠᠷᠴᠢᠮ ᠢ ᠪᠠᠷᠢᠮᠲᠠᠯᠠᠨ᠂ ᠨᠡᠶᠢᠲᠡ 22 ᠠᠵᠢᠯᠯᠠᠭ᠎ᠠ ᠲᠤᠬᠢᠷᠠᠭᠤᠯᠵᠠᠢ᠃ ᠡᠭᠦᠨ ᠳᠤ᠂ ᠠᠷᠪᠠᠨ ᠨᠠᠶ᠋ᠮᠠᠳᠤᠭᠠᠷ ᠬᠤᠭᠤᠴᠠᠭᠠᠨ ᠤ ᠳᠤᠮᠳᠠᠳᠤ ᠤᠯᠤᠰ · ᠬᠦᠬᠡᠬᠤᠲᠠ ᠶᠢᠨ ᠵᠤᠤ ᠵᠢᠶᠦ᠋ᠨ ᠰᠤᠶᠤᠯ ᠤᠨ ᠨᠠᠶᠢᠷ ᠤᠨ ᠠᠵᠢᠯᠯᠠᠭ᠎ᠠ 18 ᠪᠤᠯᠤᠨ ᠲᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ · ᠬᠦᠬᠡᠬᠤᠲᠠ ᠶᠢᠨ ᠴᠦᠬᠡᠨ ᠲᠤᠭᠠᠲᠤ ᠦᠨᠳᠦᠰᠦᠲᠡᠨ ᠤ ᠰᠤᠶᠤᠯ ᠵᠢᠭᠤᠯᠴᠢᠯᠠᠯ ᠤᠨ ᠤᠷᠠᠯᠢᠭ ᠤᠨ 4 ᠠᠵᠢᠯᠯᠠᠭ᠎ᠠ ᠪᠠᠭᠲᠠᠵᠤ᠂ ᠤᠷᠠᠨ ᠰᠠᠶᠢᠬᠠᠨ ᠤ ᠲᠤᠭᠯᠠᠯᠲᠠ᠂ ᠪᠦᠵᠢᠭ᠌ ᠤᠨ ᠦᠵᠡᠭᠦᠯᠦᠯᠭᠡ᠂ ᠺᠢᠨᠤ᠋ ᠶᠢᠨ ᠦᠵᠡᠭᠦᠯᠦᠯᠭᠡ᠂ ᠦᠵᠡᠰᠭᠦᠯᠡᠩ ᠹᠤᠷᠦ᠋ᠮ ᠵᠡᠷᠭᠡ ᠤᠯᠠᠨ ᠬᠦᠷᠢᠶ᠎ᠠ ᠴᠠᠷ᠎ᠠ ᠪᠤᠯᠤᠨ ᠤᠯᠠᠨ ᠲᠦᠷᠦᠯ ᠤᠨ ᠰᠤᠶᠤᠯ ᠤᠷᠠᠯᠢᠭ ᠤᠨ ᠢᠯᠡᠷᠡᠭᠦᠯᠬᠦ ᠬᠡᠯᠪᠡᠷᠢ ᠶᠢ ᠬᠠᠮᠤᠷᠠᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121288951