蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠤᠳᠠᠯ ᠦᠭᠡᠢ ᠶᠠᠪᠤᠬᠳᠠᠨ᠎ᠠ

2017-07-10 18:05

    ᠰᠢᠨᠬᠤᠸᠠ ᠮᠣᠩᠭᠣᠯ ᠨᠧᠲ ᠬᠦᠬᠡᠬᠤᠲᠠ ᠶᠢᠨ 7 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ( ᠬᠡᠤᠬᠡᠨᠰᠤᠯᠢ ) 10 ᠤ ᠡᠳᠦᠷ ᠤᠨ ᠦᠳᠡ ᠶᠢᠨ ᠡᠮᠦᠨ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠡᠪᠯᠡᠯ ᠮᠡᠳᠡᠭᠡᠯᠡᠯ ᠤᠨ ᠬᠤᠷᠠᠯ ᠡᠴᠡ ᠤᠶᠢᠯᠠᠭᠠᠭᠰᠠᠨ ᠢᠶᠡᠷ᠂ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠵᠢᠴᠢ ᠳᠤᠯᠤᠳᠤᠭᠠᠷ ᠬᠤᠭᠤᠴᠠᠭᠠᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ  7 ᠰᠠᠷ᠎᠎ᠠ ᠶᠢᠨ 17 ᠤ ᠡᠳᠦᠷ ᠡᠴᠡ 22 ᠤᠨ ᠡᠳᠦᠷ ᠪᠤᠯᠲᠠᠯ᠎ᠠ ᠤᠯᠠᠭᠠᠨᠬᠠᠲᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠳᠤ 6 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃

    ᠡᠨᠡᠬᠦ ᠠᠵᠢᠯᠯᠠᠭ᠎ᠠ ᠨᠢ 《ᠲᠠᠯ᠎ᠠ ᠨᠤᠲᠤᠭ ᠤᠨ ᠤᠷᠠᠨ ᠰᠠᠶᠢᠬᠠᠨ ᠤ ᠬᠦᠩᠭᠡᠨ ᠮᠤᠷᠢᠲᠤ ᠴᠡᠷᠢᠭ᠂ ᠤᠮᠠᠷᠠᠲᠤ ᠶᠢᠨ ᠦᠵᠡᠰᠭᠦᠯᠡᠩᠲᠤ ᠰᠠᠶᠢᠬᠠᠨ ᠦᠵᠡᠮᠵᠢ ᠶᠢᠨ ᠤᠷᠤᠨ》 ᠢᠶᠡᠷ ᠭᠤᠤᠯ ᠰᠡᠳᠦᠪ  ᠪᠤᠯᠭᠠᠵᠦ᠂ ᠤᠯᠠᠭᠠᠨᠮᠦ᠋ᠴᠢᠷ ᠤᠨ ᠪᠠᠭ ᠤᠨ ᠤᠷᠤᠯᠳᠤᠭᠠᠨ᠂ ᠲᠤᠬᠯᠠᠯᠳᠠ ᠂ ᠱᠠᠡᠭᠨᠠᠨ ᠬᠦᠬᠢᠬᠦᠯᠬᠦ ᠵᠡᠷᠭᠡ ᠤᠯᠠᠨ ᠠᠭᠤᠯᠭ᠎ᠠ ᠲᠠᠢ᠃

    ᠲᠤᠰ ᠤᠳᠠᠭᠠᠨ ᠤ ᠤᠷᠠᠯᠢᠭ ᠤᠨ ᠨᠠᠶᠢᠷ ᠲᠤ ᠤᠷᠤᠨ ᠳᠠᠶᠠᠭᠠᠷ ᠤᠨ ᠡᠯ᠎ᠠ ᠠᠶᠢᠮᠠᠭ ᠬᠤᠲᠠ ᠶᠢᠨ 17 ᠤᠯᠠᠭᠠᠨᠮᠦ᠋ᠴᠢᠷ ᠤᠨ ᠪᠠᠭ ᠤᠨ 600 ᠭᠠᠷᠤᠢ ᠤᠷᠠᠯᠢᠭᠴᠢᠨ ᠦᠵᠡᠭᠦᠯᠦᠯᠭᠡ ᠶᠢᠨ ᠲᠤᠭᠯᠠᠯᠲᠠ ᠳᠤ ᠤᠷᠤᠯᠴᠠᠵᠠᠭᠠᠨ᠎ᠠ᠃

    ᠲᠤᠰ ᠤᠷᠠᠯᠢᠭ ᠤᠨ ᠨᠠᠶᠢᠷ ᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠦᠪᠰᠢᠶᠡᠷᠡᠯ ᠢᠶᠡᠷ᠂ ᠦᠪᠦᠷ ᠮᠣᠩᠭᠣᠯ ᠤᠨ ᠰᠤᠶᠤᠯ ᠤᠨ ᠲᠢᠩᠬᠢᠮ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠤᠯᠤᠨ ᠤᠯᠠᠭᠠᠨᠬᠠᠲᠠ ᠬᠤᠲᠠ ᠶᠢᠨ ᠵᠠᠰᠠᠭ ᠤᠨ ᠤᠷᠳᠤᠨ ᠬᠠᠮᠲᠤᠪᠠᠷ ᠰᠠᠨᠠᠭᠠᠴᠢᠯᠠᠨ᠂ ᠤᠯᠠᠭᠠᠨᠬᠠᠲᠠ ᠬᠤᠳᠠ ᠶᠢᠨ ᠰᠤᠶᠤᠯ ᠷᠠᠳ᠋ᠢᠣ᠋ ᠲᠧᠯᠧᠶ᠋ᠰ ᠰᠤᠨᠢᠨ ᠮᠡᠳᠡᠭᠡ ᠭᠡᠪᠯᠡᠯ ᠤᠨ ᠲᠤᠪᠴᠢᠶ᠎ᠠ᠂ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠡᠴᠡ ᠬᠠᠮᠲᠤᠷᠠᠨ ᠵᠤᠬᠢᠶᠠᠨ ᠪᠠᠶᠢᠭᠤᠯᠤᠨ᠎ᠠ᠃

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121294894