蒙古文网站Logo
ᠰᠢᠨᠬᠤᠸᠠ ᠮᠤᠩᠭ᠋ᠤᠯ ᠨᠧᠲ

ᠲᠠᠪᠤᠳᠤᠭᠠᠷ ᠬᠤᠭᠤᠴᠠᠭᠠᠨ ᠤ ᠦᠪᠦᠷ ᠮᠣᠩᠭᠣᠯ ᠤᠨ 《ᠲᠠᠯ᠎ᠠ ᠨᠤᠲᠤᠭ ᠤᠨ ᠴᠢᠳᠠᠪᠤᠷᠢᠲᠠᠨ》ᠬᠠᠮᠲᠤᠷᠠᠯᠴᠠᠭ᠎ᠠ ᠰᠤᠯᠢᠯᠴᠠᠭᠠᠨ ᠤ ᠬᠤᠷᠠᠯ ᠬᠦᠬᠡᠬᠤᠲᠠ ᠪᠤᠭᠤᠲᠤ ᠤᠷᠳᠤᠰ ᠲᠤ ᠶᠠᠪᠤᠭᠳᠠᠬᠤ ᠪᠡᠷ ᠪᠤᠢ

2017-07-11 11:46

    ᠰᠢᠨᠬᠤᠸᠠ ᠨᠸᠲ  ᠬᠦᠬᠡᠬᠤᠲᠠ ᠶᠢᠨ 7 ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠠᠨ ᠯᠦ ᠮᠸᠩ) ᠲᠠᠪᠤᠳᠤᠭᠠᠷ ᠬᠤᠭᠤᠴᠠᠭᠠᠨ ᠤ ᠦᠪᠦᠷ ᠮᠣᠩᠭᠣᠯ ᠤᠨ 《 ᠲᠠᠯ᠎ᠠ ᠨᠤᠲᠤᠭ ᠤᠨ ᠴᠢᠳᠠᠪᠤᠷᠢᠲᠠᠨ》 ᠳᠡᠭᠡᠲᠤ ᠲᠦᠪᠰᠢᠨ ᠤ ᠴᠢᠳᠠᠪᠤᠷᠢᠲᠠᠨ ᠤ ᠬᠠᠮᠲᠤᠷᠠᠯᠴᠠᠭ᠎ᠠ ᠰᠤᠯᠢᠯᠴᠠᠭᠠᠨ ᠤ ᠬᠤᠷᠠᠯ ᠵᠢᠴᠢ ᠬᠦᠬᠡᠬᠤᠲᠠ ᠪᠤᠭᠤᠲᠤ ᠤᠷᠳᠤᠰ ᠤᠨ ᠴᠢᠳᠠᠪᠤᠷᠢᠲᠠᠨ ᠤ ᠰᠢᠨ᠎ᠠ ᠶᠢ ᠡᠭᠦᠳᠴᠤ ᠠᠳᠠᠯ ᠪᠤᠰᠬᠠᠬᠤ ᠭᠠᠷᠠᠭ ᠤᠨ ᠠᠵᠢᠯᠯᠠᠭ᠎ᠠ ᠶᠢᠨ ᠭᠡᠪᠯᠡᠯ ᠮᠡᠳᠡᠭᠡᠯᠡᠯ ᠤᠨ ᠬᠤᠷᠠᠯ 10 ᠤ ᠡᠳᠦᠷ ᠬᠦᠬᠡᠬᠤᠲᠠ ᠳᠤ ᠬᠤᠷᠠᠯᠳᠤᠪᠠ᠃ ᠡᠨᠡᠬᠦ ᠠᠵᠢᠯᠯᠠᠭ᠎ᠠ ᠨᠢ 7 ᠰᠠᠷ᠎ᠠ ᠶᠢᠨ 12 ᠡᠴᠡ 16 ᠤ ᠡᠳᠦᠷ ᠪᠤᠯᠲᠠᠯ᠎ᠠ ᠬᠦᠬᠡᠬᠤᠲᠠ᠂ ᠪᠤᠭᠤᠲᠤ᠂ ᠤᠷᠳᠤᠰ ᠭᠤᠷᠪᠠᠨ ᠪᠦᠰᠡ ᠨᠤᠲᠤᠭ ᠲᠤ ᠵᠤᠬᠢᠶᠠᠨ ᠪᠠᠶᠢᠭᠤᠯᠤᠭᠳᠠᠨ᠎ᠠ᠃

    ᠰᠤᠷᠪᠤᠯᠵᠢᠯᠠᠭᠴᠢ ᠬᠡᠪᠯᠡᠯ ᠮᠡᠳᠡᠭᠡᠯᠡᠯ ᠤᠨ ᠭᠠᠵᠠᠷ ᠳᠡᠭᠡᠷ᠎ᠠ ᠡᠴᠡ ᠨᠢ ᠤᠶᠢᠯᠠᠭᠠᠭᠰᠠᠨ ᠢᠶᠡᠷ᠂ ᠲᠠᠪᠤᠳᠤᠭᠠᠷ ᠬᠤᠭᠤᠴᠠᠭᠠᠨ ᠤ ᠦᠪᠦᠷ ᠮᠣᠩᠭᠣᠯ ᠤᠨ 《 ᠲᠠᠯ᠎ᠠ ᠨᠤᠲᠤᠭ ᠤᠨ ᠴᠢᠳᠠᠪᠤᠷᠢᠲᠠᠨ》 ᠳᠡᠭᠡᠲᠤ ᠲᠦᠪᠰᠢᠨ ᠤ ᠴᠢᠳᠠᠪᠤᠷᠢᠲᠠᠨ ᠤ ᠬᠠᠮᠲᠤᠷᠠᠯᠴᠠᠭ᠎ᠠ ᠰᠤᠯᠢᠯᠴᠠᠭᠠᠨ ᠤ ᠬᠤᠷᠠᠯ ᠵᠢᠴᠢ ᠬᠦᠬᠡᠬᠤᠲᠠ ᠪᠤᠭᠤᠲᠤ ᠤᠷᠳᠤᠰ ᠤᠨ ᠴᠢᠳᠠᠪᠤᠷᠢᠲᠠᠨ ᠤ ᠰᠢᠨ᠎ᠠ ᠶᠢ ᠡᠭᠦᠳᠴᠤ ᠠᠳᠠᠯ ᠪᠤᠰᠬᠠᠬᠤ ᠭᠠᠷᠠᠭ ᠤᠨ ᠠᠵᠢᠯᠯᠠᠭ᠎ᠠ ᠨᠢ《 ᠴᠢᠳᠠᠪᠤᠷᠢᠲᠠᠨ ᠢ ᠬᠤᠷᠠᠨ ᠴᠤᠭᠯᠠᠭᠤᠯᠤᠨ 〈 ᠳᠤᠯᠤᠭᠠᠨ ᠲᠤᠤᠷ〉 ᠢ᠋ ᠪᠠᠶᠢᠭᠤᠯᠵᠤ᠂ ᠤᠶᠤᠨ ᠤᠬᠠᠭᠠᠨ ᠢ ᠲᠦᠪᠯᠡᠷᠡᠭᠦᠯᠦᠨ〈 ᠳᠤᠯᠤᠭᠠᠨ ᠦᠢᠯᠡᠰ〉 ᠢ ᠬᠦᠭ᠍ᠵᠢᠭᠦᠯᠬᠦ》 ᠪᠡᠷ ᠭᠤᠤᠯ ᠰᠡᠳᠦᠪ ᠪᠤᠯᠭᠠᠵᠤ《ᠲᠠᠯ᠎ᠠ ᠨᠤᠲᠤᠭ ᠤᠨ ᠴᠢᠳᠠᠪᠤᠷᠢᠲᠠᠨ》 ᠤ᠋ ᠢᠨᠵᠸᠨ᠋ᠸᠷᠢᠩ ᠤᠨ ᠪᠷᠸᠨ᠋ᠳ᠋ ᠤᠨ ᠨᠦᠯᠦᠭᠡ ᠲᠤᠰᠬᠠᠯ ᠢ ᠦᠷᠭᠡᠳᠭᠡᠨ᠂ ᠬᠦᠬᠡᠬᠤᠲᠠ᠂ ᠪᠤᠭᠤᠲᠤ᠂ ᠤᠷᠳᠤᠰ ᠤᠨ ᠴᠢᠳᠠᠪᠤᠷᠢᠲᠠᠨ ᠤ ᠬᠠᠮᠢᠶᠠᠷᠤᠯᠲᠠ ᠦᠭᠡᠷᠡᠴᠢᠯᠡᠯᠲᠡ ᠶᠢᠨ ᠲᠤᠷᠰᠢᠯᠲᠠ ᠶᠢᠨ ᠪᠦᠰᠡ ᠶᠢᠨ ᠳᠠᠪᠠᠭᠤᠯᠢᠭ ᠲᠤ ᠰᠠᠭᠤᠷᠢᠯᠠᠨ᠂ ᠭᠤᠷᠪᠠᠨ ᠪᠦᠰᠡ ᠨᠤᠲᠤᠭ ᠤᠨ ᠬᠤᠯᠪᠤᠭᠠᠯᠠᠯ ᠤᠨ ᠠᠷᠭ᠎ᠠ ᠬᠡᠯᠪᠡᠷᠢ ᠪᠡᠷ ᠵᠤᠬᠢᠶᠠᠨ ᠪᠠᠶᠢᠭᠤᠯᠬᠤ ᠪᠡᠷ ᠪᠤᠢ᠃ ᠰᠤᠷᠪᠤᠯᠵᠢᠯᠠᠭᠴᠢ ᠤᠶᠢᠯᠠᠭᠠᠭᠰᠠᠨ ᠢᠶᠡᠷ᠂ ᠲᠤᠰ ᠤᠳᠠᠭᠠᠨ ᠤ ᠠᠵᠢᠯᠯᠠᠭ᠎ᠠ ᠳᠤ ᠵᠤᠯᠭᠠᠯᠴᠠᠨ ᠬᠡᠯᠡᠯᠴᠡᠬᠦ᠂ ᠹᠤᠷᠦ᠋ᠮ ᠤᠨ ᠰᠤᠯᠢᠯᠴᠠᠭ᠎ᠠ᠂ ᠤᠷᠤᠯᠳᠤᠭᠠᠨ ᠲᠡᠮᠡᠴᠡᠭᠡᠨ᠂ ᠰᠢᠨ᠎ᠠ ᠶᠢ ᠡᠭᠦᠳᠴᠤ ᠠᠳᠠᠯ ᠪᠤᠰᠬᠠᠬᠤ ᠵᠡᠷᠭᠡ 4 ᠲᠤᠮᠤ ᠠᠭᠤᠯᠭ᠎ᠠ ᠶᠢᠨ ᠲᠤᠭᠤᠷᠢᠨ ᠳᠤ 29 ᠲᠦᠷᠦᠯ ᠤᠨ ᠠᠵᠢᠯᠯᠠᠭ᠎ᠠ ᠵᠤᠬᠢᠶᠠᠨ ᠪᠠᠶᠢᠭᠤᠯᠤᠭᠳᠠᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121299875