蒙古文网站Logo
ᠰᠢᠨᠬᠤᠸᠠ ᠮᠤᠩᠭ᠋ᠤᠯ ᠨᠧᠲ

ᠮᠤᠩᠭᠤᠯ ᠦᠨᠳᠦᠰᠦᠲᠡᠨ ᠤ ᠤᠯᠠᠮᠵᠢᠯᠠᠯᠲᠤ ᠰᠤᠶᠤᠯ ᠤᠲᠤᠬᠢᠴᠢᠯᠠᠯᠲᠠ ᠤᠷᠤᠭᠤ ᠬᠠᠨᠲᠤᠯ᠎ᠠ

2017-07-12 11:03

    ᠰᠢᠨᠬᠤᠧᠠ ᠬᠤᠷᠢᠶ᠎ᠠ   ᠬᠦᠬᠡᠬᠤᠲᠠ ᠶᠢᠨ 7 ᠰᠠᠷ᠎ᠠ ᠶᠢᠨ 7 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠬᠠᠯᠢᠨ᠎ᠠ᠂ ᠤᠷᠢᠬᠠᠨ ) ᠤᠶᠢᠷ᠎ᠠ ᠳᠤ᠂ 54 ᠨᠠᠰᠤᠲᠠᠢ ᠮᠤᠩᠭᠤᠯ ᠡᠮᠴᠢ ᠠᠭᠤᠯᠠ ᠰᠠᠶ᠊ᠢ ᠶᠡᠬᠡ ᠰᠤᠷᠭᠠᠭᠤᠯᠢ ᠳᠡᠬᠦᠰᠦᠭᠰᠡᠨ ᠬᠦᠦ ᠬᠦᠬᠡ ᠪᠡᠨ ᠮᠤᠩᠭᠤᠯ ᠡᠮ ᠡᠮᠨᠡᠯᠭᠡ ᠶᠢᠨ ᠲᠤᠰᠬᠠᠢ ᠮᠡᠷᠭᠡᠵᠢᠯ ᠰᠤᠷᠤᠯᠴᠠᠭᠤᠯᠬᠤ ᠪᠡᠷ ᠪᠤᠯᠵᠠᠢ᠃《ᠮᠠᠨ ᠤ ᠮᠤᠩᠭᠤᠯ ᠡᠮ ᠡᠮᠨᠡᠯᠭᠡ ᠶᠢᠨ ᠲᠤᠰᠬᠠᠢ ᠮᠡᠷᠭᠡᠵᠢᠯ ᠦᠨᠳᠦᠰᠦᠨ ᠠᠩᠬᠢ᠂ ᠠᠰᠫᠢᠷᠠᠨᠲ᠂ ᠳ᠋ᠤᠺᠲ᠋ᠤᠷ ᠬᠦᠮᠦᠵᠢᠬᠦᠯᠵᠦ ᠲᠡᠶᠢᠯᠬᠦ ᠪᠤᠯᠤᠭᠰᠠᠨ ᠤᠴᠢᠷ ᠰᠠᠶᠢᠨ ᠰᠤᠷᠤᠯᠴᠠᠬᠤ ᠬᠡᠷᠡᠭᠲᠡᠢ᠂ ᠰᠢᠰᠲ᠋ᠧᠮ ᠲᠠᠢ ᠰᠤᠷᠤᠯᠴᠠᠪᠠᠯ ᠵᠤᠬᠢᠨ᠎ᠠ》ᠭᠡᠵᠦ ᠬᠦᠦ ᠳ᠋ᠡᠭᠡᠨ ᠦᠨᠳᠦᠷ ᠱᠠᠭᠠᠷᠲᠠᠯᠭ᠎ᠠ ᠲᠠᠯᠪᠢᠨ᠎ᠠ᠃

    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠢᠭᠡ ᠰᠦᠮ᠎ᠡ ᠳᠤ ᠠᠷᠪᠠᠭᠠᠳ ᠨᠠᠰᠤᠨ ᠤ ᠦᠶ᠎ᠠ ᠡᠴᠡ ᠡᠬᠢᠯᠡᠨ ᠡᠮᠴᠢᠯᠡᠬᠦ ᠮᠡᠷᠭᠡᠵᠢᠯ ᠰᠤᠷᠤᠭᠰᠠᠨ ᠠᠭᠤᠯᠠ ᠯᠠᠮᠠᠲᠠᠨ ᠪᠠᠭᠰᠢ ᠶᠢᠨ ᠤᠬᠢ ᠰᠤᠲᠤᠨ ᠮᠡᠷᠭᠡᠵᠢᠯ ᠢ ᠦᠪᠯᠡᠨ ᠵᠠᠯᠭᠠᠮᠵᠢᠯᠠᠪᠠ᠃ ᠦᠭᠡᠷ᠎ᠡ ᠪᠤᠰᠤᠳ ᠤᠨ ᠨᠢᠲᠦᠨ ᠳ᠋ᠤ《ᠨᠡᠷᠡᠲᠦ ᠡᠮᠴᠢ》ᠴᠤ ᠦᠪᠡᠷ ᠢᠶᠡᠨ ᠬᠠᠷᠢᠨ ᠲᠤᠰᠬᠠᠢ ᠮᠡᠷᠭᠡᠵᠢᠯ ᠤᠨ ᠡᠮᠴᠢ ᠶᠢᠨ ᠰᠤᠷᠭᠠᠭᠤᠯᠢ ᠳ᠋ᠤ ᠰᠢᠰᠲ᠋ᠧᠮ ᠲᠠᠢ ᠪᠤᠯᠪᠠᠰᠤᠷᠠᠯ ᠬᠦᠷᠲᠡᠭᠰᠠᠨ ᠦᠭᠡᠢ ᠳ᠋ᠠᠭᠠᠨ ᠬᠠᠷᠠᠮᠰᠠᠵᠤ ᠶᠠᠪᠤᠲᠠᠭ ᠪᠠᠶᠢᠵᠠᠢ᠃

    ᠶᠠᠭ ᠯᠡ ᠠᠭᠤᠯᠠ ᠠᠪᠤ ᠬᠦᠦ ᠬᠤᠶᠠᠭᠤᠯᠠ ᠶᠢᠨ ᠡᠮᠴᠢ ᠰᠤᠷᠤᠭᠰᠠᠨ ᠵᠠᠮ ᠰᠢᠬ ᠢᠶᠡᠨ ᠠᠷᠪᠠᠨ ᠲᠤᠯᠤᠲᠤᠭᠠᠷ ᠵᠠᠭᠤᠨ ᠤ ᠦᠶ᠎ᠠ ᠳ᠋ᠤ ᠰᠦᠮ᠎ᠡ ᠬᠡᠶᠢᠳ ᠡᠴᠡ ᠡᠮᠴᠢ ᠶᠢᠨ ᠮᠡᠷᠭᠡᠵᠢᠯ ᠰᠤᠷᠴᠤ ᠪᠠᠶᠢᠭᠰᠠᠨ ᠤᠯᠠᠮᠵᠢᠯᠠᠯᠲᠤ ᠠᠷᠭ᠎ᠠ ᠬᠡᠯᠪᠡᠷᠢ ᠨᠢ ᠤᠲᠤ ᠰᠤᠷᠤᠯᠭ᠎ᠠ ᠶᠢᠨ ᠨᠠᠮᠲᠠᠷ ᠤᠨ ᠰᠤᠷᠭᠠᠨ ᠬᠦᠮᠦᠵᠢᠯ ᠤᠷᠤᠭᠤ ᠰᠢᠯᠵᠢᠵᠦ ᠪᠠᠶᠢᠨ᠎ᠠ᠃

    ᠮᠤᠩᠭᠤᠯ ᠦᠨᠳᠦᠰᠦᠲᠡᠨ ᠦᠨᠢ ᠤᠲᠠᠭᠠᠨ ᠲᠡᠦᠬᠡ ᠲᠠᠢ ᠡᠯᠪᠡᠭ᠌ ᠪᠠᠶᠠᠯᠢᠭ ᠰᠤᠶᠤᠯ ᠤᠨ ᠦᠪ ᠲᠠᠢ᠂ ᠤᠲᠤ ᠪᠤᠯᠬᠤ ᠳ᠋ᠤ ᠡᠮ ᠡᠮᠨᠡᠯᠭᠡ ᠮᠡᠲᠦ ᠶᠢᠨ ᠲᠡᠲᠡᠭᠡᠷ ᠬᠠᠭᠤᠴᠢᠨ ᠤ ᠰᠤᠶᠤᠯ ᠨᠢ ᠠᠯᠭᠤᠷ ᠢᠶᠡᠷ ᠤᠲᠤᠬᠢᠴᠢᠯᠠᠵᠤ ᠪᠠᠶᠢᠨ᠎ᠠ᠃

    ᠲᠡᠷᠯᠢᠭ ᠪᠤᠯ ᠮᠤᠩᠭᠤᠯ ᠦᠨᠳᠦᠰᠦᠲᠡᠨ ᠤ ᠬᠤᠪᠴᠠᠰᠤ ᠵᠠᠰᠠᠯ᠂ ᠭᠤᠣ᠎ᠠ ᠦᠵᠡᠮᠦᠷᠢ ᠲᠠᠢ ᠪᠦᠭᠡᠳ ᠬᠡᠷᠡᠭᠯᠡᠭᠡᠨ ᠤ ᠦᠷᠲᠡᠭ ᠦᠨᠳᠦᠷ᠃ ᠤᠲᠤ ᠶᠢᠨ ᠬᠦᠮᠦᠰ ᠤᠨ ᠭᠤᠣ᠎ᠠ ᠵᠦᠢ ᠶᠢᠨ ᠬᠤᠪᠢᠷᠠᠯᠲᠠ ᠪᠡᠷ ᠤᠯᠠᠮᠵᠢᠯᠠᠯᠲᠤ ᠲᠡᠷᠯᠢᠭ ᠤᠨ ᠦᠩᠭᠡ ᠪᠤᠲᠤᠭ᠂ ᠵᠠᠭᠪᠤᠷ ᠵᠡᠷᠭᠡ ᠳ᠋ᠤ ᠪᠦᠷ ᠰᠢᠨᠡᠴᠢᠯᠡᠯᠲᠡ ᠬᠢᠪᠡ᠃ ᠦᠩᠭᠡᠷᠡᠭᠰᠡᠨ ᠳ᠋ᠤ ᠲᠠᠯ᠎ᠠ ᠨᠤᠲᠤᠭ ᠤᠨ ᠦᠢᠯᠡᠳᠪᠦᠷᠢᠯᠡᠯ ᠠᠮᠢᠲᠤᠷᠠᠯ ᠳ᠋ᠤ ᠲᠤᠬᠢᠷᠠᠯᠴᠠᠭᠤᠯᠬᠤ ᠪᠡᠷ ᠮᠤᠩᠭᠤᠯ ᠲᠡᠷᠯᠢᠭ ᠨᠢ ᠲᠠᠩ ᠦᠩᠭᠡ ᠶᠢᠨ ᠲᠤᠷᠭ᠎ᠠ ᠪᠡᠷ ᠮᠠᠲ᠋ᠧᠷᠢᠶᠠᠯ ᠪᠤᠯᠭᠠᠨ ᠠᠭᠤᠵᠢᠭᠤ ᠡᠯᠪᠡᠭ ᠬᠢᠵᠦ᠂ ᠪᠦᠰᠡ ᠪᠦᠰᠡᠯᠡᠳᠡᠭ᠃ ᠬᠤᠲᠠᠴᠢᠯᠠᠯᠲᠠ ᠶᠢᠨ ᠡᠨᠡ ᠡᠷᠢᠨ ᠳ᠋ᠤ ᠬᠦᠮᠦᠰ ᠤᠨ ᠠᠮᠢᠲᠤᠷᠠᠯ ᠤᠨ ᠠᠷᠭ᠎ᠠ ᠮᠠᠶ᠊ᠢᠭ ᠲᠤ ᠴᠤ ᠬᠤᠪᠢᠷᠠᠯᠲᠠ ᠭᠠᠷᠴᠤ ᠮᠤᠩᠭᠤᠯ ᠲᠡᠷᠯᠢᠭ ᠤᠨ ᠦᠩᠭᠡ ᠪᠤᠲᠤᠭ᠂ ᠬᠢᠴᠡ ᠪᠦᠲᠦᠴᠡ ᠳ᠋ᠤ ᠴᠤ ᠬᠤᠪᠢᠷᠠᠯᠲᠠ ᠭᠠᠷᠴᠤ᠂ ᠴᠠᠭ ᠤᠨ ᠠᠶᠠᠰ ᠢ ᠬᠠᠷᠠᠭᠤᠯᠤᠭᠰᠠᠨ ᠤᠯᠠᠮᠵᠢᠯᠠᠯᠲᠤ ᠬᠡᠪ ᠨᠠᠮᠪᠠ ᠪᠠᠨ ᠬᠠᠲᠠᠭᠠᠯᠠᠭᠰᠠᠨ ᠬᠤᠪᠴᠠᠰᠤ ᠪᠤᠯᠤᠨ ᠬᠤᠪᠢᠷᠠᠵᠠᠢ᠃

    ᠬᠤᠲᠠ ᠳᠤ ᠠᠵᠢᠯᠯᠠᠵᠤ ᠠᠮᠢᠳᠤᠷᠠᠵᠤ ᠪᠠᠶᠢᠭ᠎ᠠ ᠮᠣᠩᠭᠤᠯᠴᠤᠳ ᠮᠣᠩᠭᠣᠯ ᠦᠨᠳᠦᠰᠦᠲᠡᠨ ᠤ ᠤᠯᠠᠮᠵᠢᠯᠠᠯᠲᠤ ᠬᠤᠷᠢᠮ ᠤᠨ ᠶᠤᠰᠤ ᠵᠠᠩᠰᠢᠯ ᠢᠶᠡᠨ ᠤᠯᠠᠮᠵᠢᠯᠠᠨ ᠪᠠᠳᠠᠷᠠᠭᠤᠯᠵᠤ ᠪᠤᠢ᠃ ᠰᠡᠭᠦᠯ ᠤᠨ ᠵᠢᠯ ᠤᠳ ᠲᠤ᠂ ᠬᠤᠲᠠ ᠳᠤ ᠠᠮᠢᠳᠤᠷᠠᠵᠤ ᠪᠠᠶᠢᠭ᠎ᠠ ᠤᠯᠠᠩᠭᠢ ᠮᠣᠩᠭᠤᠯᠴᠤᠳ ᠬᠤᠲᠠ ᠶᠢᠨ ᠵᠤᠴᠢᠳ ᠪᠠᠭᠤᠳᠠᠯ ᠳᠤ ᠤᠯᠠᠮᠵᠢᠯᠠᠯᠲᠤ ᠬᠤᠷᠢᠮ ᠤᠨ ᠶᠤᠰᠤ ᠵᠠᠩᠰᠢᠯ ᠶᠤᠰᠤᠯᠠᠯ ᠦᠢᠯᠡ ᠪᠡᠨ ᠭᠦᠢᠴᠡᠳᠭᠡᠬᠦ ᠪᠤᠯᠵᠠᠢ᠃ ᠮᠣᠩᠭᠣᠯ ᠭᠡᠷ ᠤᠨ ᠬᠡᠯᠪᠡᠷᠢ ᠮᠠᠶ᠊ᠢᠭ ᠢᠶᠡᠷ ᠪᠠᠷᠢᠭᠰᠠᠨ ᠵᠤᠴᠢᠳ ᠪᠠᠭᠤᠳᠠᠯ᠂ ᠮᠣᠩᠭᠣᠯ ᠦᠨᠳᠦᠰᠦᠲᠡᠨ ᠤ ᠤᠯᠠᠮᠵᠢᠯᠠᠯᠲᠤ ᠬᠤᠷᠢᠮ ᠤᠨ ᠶᠤᠰᠤᠯᠠᠯ ᠤᠨ ᠳᠠᠭᠤᠤ ᠨᠢ ᠮᠤᠷᠢᠲᠠᠨ ᠦᠨᠳᠦᠰᠦᠲᠡᠨ ᠤ ᠰᠤᠶᠤᠯ ᠢ ᠲᠡᠷᠡ ᠬᠡᠪ ᠢᠶᠡᠷ ᠨᠢ ᠬᠠᠳᠠᠭᠠᠯᠠᠵᠤ ᠪᠠᠶᠢᠬᠤ ᠪᠡᠷ ᠪᠠᠷᠠᠬᠤ ᠦᠭᠡᠢ᠂ ᠴᠠᠭ ᠤᠨ ᠤᠷᠤᠰᠬᠠᠯᠲᠤ᠂ ᠤᠳᠤᠬᠢᠴᠢᠯᠠᠭᠰᠠᠨ᠂ ᠰᠢᠨ᠎ᠠ ᠡᠭᠦᠳᠦᠯᠲᠠ ᠶᠢᠨ ᠡᠯᠧᠮᠧᠨ᠋ᠲ ᠠᠭᠤᠯᠵᠤ᠂ ᠢᠯᠡᠷᠬᠡᠢ ᠪᠦᠰᠡ ᠨᠤᠲᠤᠭ ᠤᠨ ᠤᠨᠴᠠᠯᠢᠭ ᠢ ᠪᠤᠢ ᠪᠤᠯᠭᠠᠵᠠᠢ᠃

    ᠮᠣᠩᠭᠣᠯ ᠦᠨᠳᠦᠰᠦᠲᠡᠨ ᠤ ᠤᠯᠠᠮᠵᠢᠯᠠᠯᠲᠤ ᠬᠤᠷᠢᠮ ᠬᠤᠲᠠ ᠳᠤ ᠬᠦᠭ᠍ᠵᠢᠯ ᠢᠶᠡᠨ ᠤᠯᠬᠤ ᠶᠢ ᠳᠠᠭᠠᠯᠳᠤᠨ ᠬᠠᠮᠢᠶ᠎ᠠ ᠪᠦᠬᠦᠢ《ᠴᠡᠩᠬᠡᠬᠦᠨ ᠤ ᠦᠢᠯᠡᠰ》ᠪᠠᠰᠠ ᠬᠦᠭ᠍ᠵᠢᠶᠡᠨᠲᠠᠢ ᠪᠤᠯᠵᠠᠢ᠃ ᠦᠪᠦᠷ ᠮᠣᠩᠭᠣᠯ ᠤᠨ ᠲᠦᠪ ᠬᠤᠲᠠ ᠪᠤᠯᠬᠤ ᠬᠦᠬᠡᠬᠤᠲᠠ ᠳᠤ᠂ ᠮᠣᠩᠭᠣᠯ ᠦᠨᠳᠦᠰᠦᠲᠡᠨ ᠤ ᠬᠤᠷᠢᠮ ᠤᠨ ᠬᠦᠲᠦᠯᠦᠭᠴᠢ᠂ ᠮᠣᠩᠭᠣᠯ ᠦᠨᠳᠦᠰᠦᠲᠡᠨ ᠤ ᠬᠤᠷᠢᠮ ᠤᠨ ᠬᠦᠭ᠍ᠵᠢᠮ ᠤᠨ ᠪᠠᠭ᠂ ᠮᠣᠩᠭᠣᠯ ᠲᠡᠷᠯᠢᠭ ᠤᠨ ᠤᠶᠤᠳᠠᠯ ᠤᠨ ᠭᠠᠵᠠᠷ᠂ ᠲᠤᠮᠤ ᠬᠡᠯᠪᠡᠷᠢ ᠶᠢᠨ ᠮᠣᠩᠭᠣᠯ ᠬᠤᠭᠤᠯᠠ ᠤᠮᠲᠠ ᠶᠢᠨ ᠭᠠᠵᠠᠷ ᠴᠦᠮ ᠬᠦᠭ᠍ᠵᠢᠶᠡᠨᠲᠠᠢ ᠪᠤᠯᠵᠤ᠂ ᠮᠣᠩᠭᠣᠯ ᠲᠡᠷᠯᠢᠭ᠌ ᠨᠢ ᠡᠯ᠎ᠠ ᠬᠤᠷᠢᠮ ᠤᠨ ᠭᠡᠷᠡᠯ ᠵᠢᠷᠤᠭ ᠤᠨ ᠭᠠᠵᠠᠷ ᠤᠨ ᠬᠢᠨ ᠤ ᠵᠠᠪᠠᠯ ᠳᠦᠬᠦᠭᠡᠷᠬᠦ ᠵᠠᠰᠠᠯ ᠪᠤᠯᠤᠭᠰᠠᠨ ᠪᠠᠶᠢᠨ᠎ᠠ᠃

    ᠮᠤᠷᠢᠨ ᠬᠤᠭᠤᠷ ᠨᠢ ᠮᠣᠩᠭᠣᠯ ᠦᠨᠳᠦᠰᠦᠲᠡᠨ ᠤ ᠤᠯᠠᠮᠵᠢᠯᠠᠯᠲᠤ ᠬᠦᠭ᠍ᠵᠢᠮ ᠪᠤᠯᠤᠭᠰᠠᠨ ᠤ ᠬᠤᠪᠢ ᠳᠤ ᠬᠦᠭ᠍ᠵᠢᠮᠳᠡᠬᠦ ᠠᠶ᠎ᠠ᠂ ᠠᠷᠭ᠎ᠠ ᠪᠠᠷᠢᠯ ᠳᠤ ᠴᠤ ᠲᠠᠰᠤᠷᠠᠯᠲᠠ ᠦᠭᠡᠢ ᠰᠢᠨ᠎ᠠ ᠶᠢ ᠡᠭᠦᠳᠴᠤ᠂ ᠤᠳᠤᠬᠢᠴᠢᠯᠠᠵᠤ ᠨᠡᠶᠢᠭᠡᠮ ᠤᠨ ᠡᠯ᠎ᠠ ᠡᠲᠡᠭᠡᠳ ᠤᠨ ᠦᠨᠳᠦᠷ ᠦᠨᠡᠯᠡᠭᠡ ᠶᠢ ᠤᠯᠪᠠ᠃ ᠤᠳᠤᠬᠠᠨ ᠳᠤ᠂ ᠮᠤᠷᠢᠨ ᠬᠤᠭᠤᠷ ᠢᠶᠡᠷ《ᠲᠦᠮᠡᠨ ᠠᠭᠲᠠ ᠶᠢᠨ ᠲᠦᠪᠡᠷᠭᠡᠨ》᠂《ᠬᠤᠨ ᠭᠠᠯᠠᠭᠤ》ᠵᠡᠷᠭᠡ ᠤᠯᠠᠮᠵᠢᠯᠠᠯᠲᠤ ᠠᠶ᠎ᠠ ᠶᠢ ᠬᠦᠭ᠍ᠵᠢᠮᠳᠡᠬᠦ ᠪᠡᠷ ᠪᠠᠷᠠᠬᠤ ᠦᠭᠡᠢ ᠪᠠᠰᠠ ᠮᠤᠷᠢᠨ ᠬᠢᠬᠢᠯᠢ᠂ ᠬᠢᠬᠢᠯᠢ ᠵᠡᠷᠭᠡ ᠦᠷᠦᠨ᠎ᠠ ᠶᠢᠨ ᠬᠦᠭ᠍ᠵᠢᠮ ᠲᠠᠢ ᠬᠠᠮᠲᠤᠷᠠᠨ《ᠺᠠ ᠮᠸᠨ》᠂《ᠷᠠᠳᠧᠽᠺᠢ ᠤᠷᠤᠭᠰᠢᠯᠠᠯᠳᠠ ᠶᠢᠨ ᠬᠦᠭᠵᠢᠮ》ᠵᠡᠷᠭᠡ ᠳᠡᠯᠡᠬᠡᠢ ᠶᠢᠨ ᠨᠡᠷᠡᠲᠤ ᠠᠶ᠎ᠠ ᠶᠢ ᠬᠦᠭ᠍ᠵᠢᠮᠳᠡᠬᠦ ᠪᠤᠯᠵᠠᠢ᠃ ᠤᠷᠳᠤᠰ ᠬᠤᠲᠠ ᠶᠢᠨ ᠦᠦᠰᠢᠨ ᠬᠤᠰᠢᠭᠤᠨ ᠤ ᠮᠤᠷᠢᠨ ᠬᠤᠭᠤᠷ ᠤᠨ ᠨᠠᠶᠢᠷᠠᠯ ᠬᠦᠭ᠍ᠵᠢᠮ ᠤᠨ ᠪᠠᠭ ᠤᠨ ᠬᠢᠨ ᠮᠤᠷᠢᠨ ᠬᠤᠭᠤᠷ ᠬᠦᠭ᠍ᠵᠢᠮᠳᠡᠬᠦ ᠦᠶᠡᠰ ᠰᠢᠨ᠎ᠠ ᠬᠡᠯᠪᠡᠷᠢ ᠶᠢᠨ ᠬᠡᠩᠭᠡᠷᠭᠡ ᠬᠠᠪᠰᠤᠷᠠᠭᠤᠯᠤᠨ ᠴᠤᠬᠢᠳᠠᠭ᠂ ᠬᠡᠩᠭᠡᠷᠭᠡ ᠶᠢᠨ ᠬᠡᠯᠪᠡᠷᠢ ᠶᠠᠩᠵᠤ ᠨᠢ ᠠᠳᠠᠯᠢ ᠦᠭᠡᠢ᠂ ᠵᠠᠷᠢᠮ ᠨᠢ ᠡᠮᠡᠭᠡᠯ ᠰᠢᠭ᠌᠂ ᠵᠠᠷᠢᠮ ᠨᠢ ᠭᠤᠳᠤᠯ ᠰᠢᠬ᠂ ᠵᠠᠷᠢᠮ ᠨᠢ ᠰᠠᠭᠤᠯᠭ᠎ᠠ ᠰᠢᠬ᠃ ᠡᠳᠡᠭᠡᠷ ᠰᠢᠨ᠎ᠠ ᠭᠦᠭ᠍ᠵᠢᠮ ᠢ ᠡᠭᠦᠳᠬᠦ ᠤᠩᠭᠤᠳ ᠨᠢ ᠡᠷᠲᠡᠨ ᠤ ᠮᠣᠩᠭᠣᠯ ᠦᠨᠳᠦᠰᠦᠲᠡᠨ ᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠪᠤᠯᠤᠨ ᠤᠳᠤᠬᠢ ᠬᠡᠩᠭᠡᠷᠭᠡ ᠡᠴᠡ ᠢᠷᠡᠯᠲᠠ ᠲᠠᠢ ᠶᠤᠮ ᠪᠠᠶᠢᠨ᠎ᠠ᠃

    ᠨᠠᠶᠢᠷᠠᠯ ᠬᠦᠭ᠍ᠵᠢᠮ ᠤᠨ ᠤᠳᠤᠷᠢᠳᠤᠭᠠᠴᠢ ᠵᠢᠨ ᠬᠠᠢ᠄《ᠰᠢᠨ᠎ᠠ ᠬᠡᠯᠪᠡᠷᠢ ᠶᠢᠨ ᠬᠦᠭ᠍ᠵᠢᠮ ᠤᠨ ᠠᠭᠤᠰᠤᠯᠴᠠᠯ ᠨᠢ ᠮᠤᠷᠢᠨ ᠬᠤᠭᠤᠷ ᠤᠨ ᠬᠦᠭ᠍ᠵᠢᠮᠳᠡᠬᠦ ᠬᠡᠯᠪᠡᠷᠢ ᠶᠢ ᠪᠠᠶᠠᠯᠢᠭᠵᠢᠭᠤᠯᠤᠭᠰᠠᠨ᠂ ᠡᠨᠡ ᠪᠤᠯ ᠮᠣᠩᠭᠣᠯ ᠦᠨᠳᠦᠰᠦᠲᠡᠨ ᠤ ᠳᠠᠭᠤᠤ ᠬᠦᠭ᠍ᠵᠢᠮ ᠤᠳᠤᠬᠢᠴᠢᠯᠠᠵᠤ ᠪᠠᠶᠢᠬᠤ ᠶᠢᠨ ᠢᠯᠡᠷᠡᠯ ᠪᠤᠯᠤᠨ᠎᠎ᠠ》ᠭᠡᠵᠠᠢ᠃

    《ᠴᠠᠭ ᠦᠶ᠎ᠠ ᠶᠢᠨ ᠤᠷᠤᠭᠰᠢᠯᠠᠯᠲᠠ᠂ ᠡᠳ᠋ ᠤᠨ ᠵᠠᠰᠠᠭ ᠤᠨ ᠬᠦᠭ᠍ᠵᠢᠯᠲᠠ ᠡᠴᠡ ᠮᠣᠩᠭᠣᠯ ᠦᠨᠳᠦᠰᠦᠲᠡᠨ ᠤ ᠵᠠᠷᠢᠮ ᠤᠯᠠᠮᠵᠢᠯᠠᠯᠲᠤ ᠦᠢᠯᠡᠳᠪᠦᠷᠢᠯᠡᠯ ᠤᠨ ᠠᠷᠭ᠎ᠠ ᠪᠠᠷᠢᠯ ᠳᠤ ᠬᠤᠪᠢᠷᠠᠯᠲᠠ ᠭᠠᠷᠭᠠᠭᠰᠠᠨ ᠢᠶᠡᠷ ᠮᠣᠩᠭᠣᠯ ᠦᠨᠳᠦᠰᠦᠲᠡᠨ ᠤ ᠤᠯᠠᠮᠵᠢᠯᠠᠯᠲᠤ ᠰᠤᠶᠤᠯ ᠳᠤ ᠴᠤ ᠨᠦᠯᠦᠭᠡᠯᠡᠬᠦ ᠪᠤᠯᠪᠠ᠃ ᠡᠶᠢᠮᠤᠷᠬᠦᠦ ᠬᠤᠪᠢᠷᠠᠯᠲᠠ ᠶᠢᠨ ᠳᠤᠮᠳᠠ᠂ ᠦᠨᠳᠦᠰᠦᠲᠡᠨ ᠤ ᠤᠯᠠᠮᠵᠢᠯᠠᠯᠲᠤ ᠰᠤᠶᠤᠯ ᠤᠨ ᠤᠬᠢ ᠰᠤᠲᠤ ᠶᠢ ᠬᠠᠳᠠᠭᠠᠯᠠᠬᠤ ᠪᠡᠷ ᠪᠠᠷᠠᠬᠤ ᠦᠭᠡᠢ ᠤᠯᠠᠮ ᠴᠢᠨᠠᠭᠰᠢᠲᠠ ᠤᠳᠤᠬᠢᠴᠢᠯᠠᠬᠤ ᠬᠡᠷᠡᠭᠳᠡᠢ ᠲᠠᠢ ᠪᠠᠶᠢᠨ᠎ᠠ》ᠬᠡᠵᠤ ᠲᠦᠪ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠮᠣᠩᠭᠣᠯ ᠬᠡᠯᠡ ᠤᠳᠬ᠎ᠠ ᠵᠤᠬᠢᠶᠠᠯ ᠤᠨ ᠰᠠᠯᠪᠤᠷᠢ ᠶᠢᠨ ᠰᠠᠷᠠᠠᠭᠡᠷᠡᠯ ᠬᠡᠯᠡᠯ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121305884