蒙古文网站Logo
ᠰᠢᠨᠬᠤᠸᠠ ᠮᠤᠩᠭ᠋ᠤᠯ ᠨᠧᠲ

ᠬᠤᠶᠠᠲᠤᠭᠠᠷ ᠬᠤᠭᠤᠴᠠᠭᠠᠨ ᠤ ᠲᠤᠮᠲᠠᠲᠤ ᠤᠯᠤᠰ᠍ • ᠤᠯᠠᠨ ᠤᠯᠤᠰ ᠤᠨ ᠮᠤᠩᠭᠤᠯ ᠪᠦᠵᠢᠭ ᠤᠨ ᠤᠷᠤᠯᠲᠤᠭᠠᠨ ᠬᠦᠬᠡᠬᠤᠲᠠ ᠳ᠋ᠤ ᠶᠠᠪᠤᠭᠲᠠᠬᠤ ᠪᠡᠷ ᠪᠤᠢ

2017-07-12 11:09

    ᠰᠢᠨᠬᠤᠧᠠ ᠮᠤᠩᠭᠤᠯ ᠨᠧᠲ   ᠬᠦᠬᠡᠬᠤᠲᠠ ᠶᠢᠨ 7 ᠰᠠᠷ᠎ᠠ ᠶᠢᠨ 12 ᠤᠨ  ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ )  ᠲᠤᠮᠲᠠᠲᠤ ᠤᠯᠤᠰ - ᠮᠤᠩᠭᠤᠯ ᠤᠯᠤᠰ ᠤᠨ ᠦᠵᠡᠰᠬᠦᠯᠡᠩ ᠡᠴᠡ ᠰᠠᠨᠠᠭᠠᠴᠢᠯᠠᠵᠤ᠂ ᠦᠪᠦᠷ ᠮᠤᠩᠭᠤᠯ ᠤᠨ ᠦᠨᠳᠦᠰᠦᠲᠡᠨ ᠤ ᠤᠷᠠᠯᠢᠭ ᠵᠦᠴᠦᠬᠡ ᠶᠢᠨ ᠬᠦᠷᠢᠶᠡᠯᠡᠩ ᠡᠴᠡ ᠵᠤᠬᠢᠶᠠᠨ ᠪᠠᠶᠢᠭᠤᠯᠵᠤ ᠪᠦᠬᠦᠢ ᠬᠤᠶᠠᠲᠤᠭᠠᠷ ᠬᠤᠭᠤᠴᠠᠭᠠᠨ ᠤ ᠲᠤᠮᠲᠠᠲᠤ ᠤᠯᠤᠰ • ᠤᠯᠠᠨ ᠤᠯᠤᠰ ᠤᠨ ᠮᠤᠩᠭᠤᠯ ᠪᠦᠵᠢᠭ ᠤᠨ ᠤᠷᠤᠯᠲᠤᠭᠠᠨ 9 ᠰᠠᠷ᠎ᠠ ᠶᠢᠨ 26 ᠤ ᠡᠲᠦᠷ ᠡᠴᠡ 29 ᠤ ᠡᠲᠦᠷ ᠪᠤᠯᠲᠠᠯ᠎ᠠ ᠬᠦᠬᠡᠬᠤᠲᠠ ᠳ᠋ᠤ ᠶᠠᠪᠤᠭᠲᠠᠬᠤ ᠪᠡᠷ ᠪᠠᠶᠢᠨ᠎ᠠ᠃

    ᠤᠶᠢᠯᠠᠭᠠᠭᠰᠠᠨ ᠢᠶᠡᠷ᠂ ᠮᠤᠩᠭᠤᠯ ᠤᠯᠤᠰ᠂ ᠤᠷᠤᠰ ᠤᠨ ᠬᠤᠯᠪᠤᠭᠠᠨ ᠤ ᠪᠦᠬᠦᠲᠠ ᠨᠠᠶᠢᠷᠠᠮᠲᠠᠬᠤ ᠪᠤᠷᠢᠶᠠᠳ ᠤᠯᠤᠰ᠂ ᠪᠦᠭᠦᠲᠠ ᠨᠠᠶᠢᠷᠠᠮᠲᠠᠬᠤ ᠬᠠᠯᠢᠮᠠᠭ ᠤᠯᠤᠰ᠂ ᠪᠦᠬᠦᠲᠠ ᠨᠠᠶᠢᠷᠠᠮᠲᠠᠬᠤ ᠲᠤᠧᠠ ᠤᠯᠤᠰ ᠤᠨ ᠤᠯᠤᠰ ᠤᠨ ᠤᠷᠠᠯᠢᠭ ᠤᠨ ᠪᠦᠯᠬᠦᠮ᠂ ᠲᠦᠪ ᠤᠨ ᠰᠢᠭᠤᠳ ᠬᠠᠷᠢᠶ᠎ᠠ ᠤᠷᠠᠯᠢᠭ ᠤᠨ ᠪᠦᠯᠬᠦᠮ᠂ ᠤᠯᠤᠰ ᠲᠠᠶᠠᠭᠠᠷ ᠤᠨ ᠮᠤᠵᠢ ᠬᠤᠲᠠ ᠦᠪᠡᠷᠲᠡᠭᠡᠨ ᠵᠠᠰᠠᠬᠤ ᠤᠷᠤᠨ ᠤ ᠤᠷᠠᠯᠢᠭ ᠤᠨ ᠪᠦᠯᠬᠦᠮ᠂ ᠤᠷᠠᠯᠢᠭ ᠤᠨ ᠲᠡᠭᠡᠳᠦ ᠰᠤᠷᠭᠠᠭᠤᠯᠢ᠂ ᠤᠯᠠᠭᠠᠨᠮᠦ᠋ᠴᠢᠷ ᠤᠷᠤᠯᠴᠠᠬᠤ ᠪᠤᠯᠤᠨ᠎ᠠ᠃ ᠤᠷᠤᠯᠲᠤᠭᠠᠨ ᠳ᠋ᠦ ᠤᠷᠤᠯᠴᠠᠬᠤ ᠪᠦᠲᠦᠭᠡᠯ ᠨᠢ 2014 ᠤᠨ ᠤ 5 ᠰᠠᠷ᠎ᠠ ᠡᠴᠡ ᠬᠤᠶᠢᠰᠢ ᠵᠤᠬᠢᠶᠠᠨ ᠪᠦᠲᠦᠭᠡᠭ᠍ᠰᠡᠨ ᠪᠦᠲᠦᠭᠡᠯ ᠪᠠᠶᠢᠬᠤ ᠬᠡᠷᠡᠭᠲᠡᠢ ᠪᠦᠭᠡᠳ ᠭᠤᠴᠤᠯᠠᠯ ᠪᠦᠵᠢᠭ᠂ ᠬᠤᠤᠰᠯᠠᠯ ᠪᠦᠵᠢᠭ᠂ ᠭᠤᠷᠪᠠᠯᠠᠯ ᠪᠦᠵᠢᠭ ᠪᠤᠶᠤ ᠬᠠᠮᠲᠤ ᠶᠢᠨ ᠪᠦᠵᠢᠭ ᠤᠨ ᠬᠡᠯᠪᠡᠷᠢ ᠪᠡᠷ ᠤᠷᠤᠯᠴᠠᠵᠤ ᠪᠤᠯᠤᠨ᠎ᠠ᠃

    ᠠᠩᠬᠠᠲᠤᠭᠠᠷ ᠬᠤᠭᠤᠴᠠᠭᠠᠨ ᠤ ᠤᠯᠠᠨ ᠤᠯᠤᠰ ᠤᠨ ᠮᠤᠩᠭᠤᠯ ᠪᠦᠵᠢᠭ ᠤᠨ ᠤᠷᠤᠯᠲᠤᠭᠠᠨ 2015 ᠤᠨ ᠳ᠋ᠤ ᠶᠠᠪᠤᠭᠲᠠᠵᠤ ᠦᠩᠭᠡᠷᠡᠪᠡ᠃ ᠲᠤᠰ ᠤᠷᠤᠯᠲᠤᠭᠠᠨ ᠨᠢ ᠲᠤᠮᠲᠠᠲᠤ ᠤᠯᠤᠰ ᠤᠨ ᠮᠤᠩᠭᠤᠯ ᠪᠦᠵᠢᠭ ᠤᠨ ᠬᠠᠮᠤᠭ ᠤᠨ ᠲᠡᠭᠡᠳᠦ ᠲᠦᠪᠰᠢᠨ ᠤ ᠲᠤᠰᠬᠠᠢ ᠮᠡᠷᠭᠡᠵᠢᠯ ᠤᠨ ᠴᠢᠨᠠᠷᠲᠠᠢ ᠪᠦᠵᠢᠭ ᠤᠨ ᠤᠷᠤᠯᠲᠤᠭᠠᠨ ᠪᠤᠯᠬᠤᠷ ᠮᠤᠩᠭᠤᠯ ᠪᠦᠵᠢᠭ ᠤᠨ ᠤᠷᠠᠯᠢᠭ ᠤᠨ ᠬᠦᠭ᠍ᠵᠢᠯᠲᠠ ᠶᠢ ᠠᠬᠢᠭᠤᠯᠵᠤ᠂ ᠮᠤᠩᠭᠤᠯ ᠪᠦᠵᠢᠭ ᠤᠨ ᠲᠡᠯᠡᠬᠡᠢ ᠳ᠋ᠡᠬᠢ ᠨᠦᠯᠦᠭᠡᠯᠡᠬᠦ ᠬᠦᠴᠦᠨ ᠢ ᠨᠡᠮᠡᠭᠲᠡᠬᠦᠯᠬᠦ ᠪᠤᠯᠤᠨ᠎ᠠ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121306061