蒙古文网站Logo
ᠰᠢᠨᠬᠤᠸᠠ ᠮᠤᠩᠭ᠋ᠤᠯ ᠨᠧᠲ

2017 ᠳᠤᠮᠳᠠᠳᠤ ᠤᠯᠤᠰ· ᠪᠤᠷᠤᠲᠤᠬᠤᠢ ᠶᠢᠨ ᠰᠤᠶᠤᠯ ᠤᠨ ᠨᠠᠶᠢᠷ ᠡᠬᠢᠯᠡᠪᠡ

2017-07-14 11:05

    7 ᠰᠠᠷ᠎ᠠ ᠶᠢᠨ 12 ᠤᠨ ᠤᠷᠤᠢ᠂ ᠪᠠᠶᠠᠨᠨᠠᠭᠤᠷ ᠬᠤᠲᠠ ᠶᠢᠨ ᠰᠤᠶᠤᠯ ᠤᠨ ᠦᠵᠡᠰᠭᠦᠯᠡᠩ ᠤᠨ ᠲᠦᠪ ᠤᠨ ᠠᠭᠤᠳᠠᠮ ᠲᠠᠯᠠᠪᠠᠢ ᠳ᠋ᠤ ᠦᠩᠭᠡᠲᠦ ᠭᠡᠷᠡᠯ ᠰᠠᠴᠤᠷᠠᠵᠦ᠂ ᠡᠭᠡᠰᠢᠭ᠍ᠲᠤ ᠬᠦᠭ᠍ᠵ᠍ᠢᠮ ᠴᠤᠤᠷᠢᠶᠠᠲᠤᠨ᠂ ᠬᠦᠭ᠍ᠵᠢᠶᠡᠨ ᠨᠠᠷᠬᠢᠶᠠᠨ ᠢᠶᠡᠷ ᠪᠢᠯᠬᠠᠵᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠢᠢᠭᠤᠯᠤᠭᠳᠠᠭᠰᠠᠨ 70 ᠵᠢᠯ ᠤᠨ ᠤᠢ ᠵᠢ ᠪᠡᠯᠭᠡᠯᠡᠬᠦ ᠵᠢᠴᠢ 2017 ᠤᠨ ᠤ ᠲᠤᠮᠳᠠᠳᠤ ᠤᠯᠤᠰ · ᠪᠤᠷᠤᠳᠤᠬᠤᠢ ᠰᠤᠶᠤᠯ ᠤᠷᠠᠯᠢᠭ ᠤᠨ ᠨᠠᠢᠢᠷ ᠬᠦᠰᠢᠭᠡ ᠪᠠᠨ ᠰᠡᠬᠦᠪᠡ᠃

    ᠲᠤᠭᠯᠠᠭᠴᠢᠳ ᠤᠷᠲᠤ ᠶᠢᠨ ᠲᠠᠭᠤᠤ᠂ ᠮᠤᠷᠢᠨ ᠬᠤᠭᠤᠷ ᠤᠨ ᠬᠦᠭ᠍ᠵᠢᠮ᠂ ᠮᠤᠩᠭ᠋ᠤᠯ ᠪᠦᠵᠢᠭ᠌᠂ ᠤᠶᠠᠩᠭ᠋᠎ᠠ ᠶᠢᠨ ᠲᠠᠭᠤᠤ᠂ ᠬᠠᠮᠲᠤ ᠶᠢᠨ ᠲᠠᠭᠤᠤ ᠵᠡᠷᠭᠡ ᠤᠯᠠᠨ ᠰᠠᠢᠢᠬᠠᠨ ᠲᠤᠭᠯᠠᠯᠲᠠ ᠪᠡᠷ ᠢᠶᠡᠨ ᠨᠤᠳᠤᠭ ᠤᠷᠤᠨ ᠵᠢᠡᠨ ᠬᠠᠢᠢᠷᠠᠯᠠᠬᠤ ᠪᠢᠯᠬᠠᠮ᠎ᠠ ᠰᠡᠳᠭᠢᠯᠭᠡ᠂ ᠤᠯᠤᠰ ᠦᠨᠳᠦᠰᠦᠲᠡᠨ ᠤ ᠬᠦᠭ᠍ᠵᠢᠯ ᠪᠠᠳᠠᠷᠠᠯ ᠤᠨ ᠲᠤᠬᠠᠢ ᠤᠮᠤᠭᠰᠢᠯ ᠪᠠᠬᠠᠷᠬᠠᠯ᠂ ᠬᠦᠮᠦᠨ ᠠᠷᠠᠳ ᠤᠨ ᠵᠤᠯ ᠵᠢᠷᠭᠠᠯ ᠤᠨ ᠲᠤᠬᠠᠢ ᠮᠠᠭᠲᠠᠭᠠᠯ ᠤᠨ ᠲᠤᠭᠳᠤᠯᠤᠭᠰᠠᠨ ᠰᠡᠳᠬᠢᠯᠬᠡ ᠪᠠᠨ ᠢᠯᠡᠷᠡᠭᠦᠯᠵᠠᠢ᠃ ᠤᠷᠠᠯᠢᠭ ᠤᠨ ᠨᠠᠢᠢᠷ ᠤᠨ ᠬᠤᠭᠤᠴᠠᠭᠠᠨ ᠳᠤ ᠪᠤᠷᠤᠳᠤᠬᠤᠢ ᠠᠷᠢᠬᠢᠨ ᠦᠢᠯᠡᠰ ᠤᠨ ᠤᠷᠠᠨ ᠰᠠᠢᠢᠬᠠᠨ ᠤ ᠪᠦᠯᠬᠦᠮ ᠤᠨ ᠲᠤᠰᠬᠠᠢ ᠲᠤᠭᠯᠠᠯᠲᠠ᠂ ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠦ᠋ᠴᠢᠷ ᠤᠨ ᠲᠤᠰᠬᠠᠢ ᠲᠤᠭᠯᠠᠯᠲᠠ᠂ ᠤᠷᠠᠳ ᠤᠨ ᠲᠤᠮᠳᠠᠳᠤ ᠬᠤᠰᠢᠭᠤᠨ ᠤ ᠤᠯᠠᠭᠠᠨᠮᠦ᠋ᠴᠢᠷ ᠤᠨ ᠲᠤᠰᠬᠠᠢ ᠲᠤᠭᠯᠠᠯᠲᠠ᠂ ᠳ᠋ᠸᠩᠺᠸᠦ ᠰᠢᠶᠠᠨ ᠤ ᠤᠯᠠᠭᠠᠨᠮᠦ᠋ᠴᠢᠷ ᠤᠨ ᠲᠤᠰᠬᠠᠢ ᠲᠤᠭᠯᠠᠯᠲᠠ᠂ ᠦᠶᠦᠸᠠᠨ ᠰᠢᠶᠠᠨ ᠤ ᠲᠠᠭᠤᠤ ᠵᠦᠴᠦᠭᠡ ᠶᠢᠨ ᠪᠦᠯᠬᠦᠮ ᠤᠨ ᠲᠤᠰᠬᠠᠢ ᠲᠤᠭᠯᠠᠯᠲᠠ᠂《 ᠪᠠᠶᠠᠨᠨᠠᠭᠤᠷ ᠢᠶᠡᠨ ᠮᠠᠭᠳᠠᠨ ᠲᠠᠭᠤᠯᠠᠨᠠᠮ》ᠭᠡᠬᠦ ᠲᠠᠭᠤᠤ ᠶᠢᠨ ᠴᠤᠭᠯᠠᠭᠠᠨ᠂ ᠳᠡᠳᠮ᠎ᠠ ᠶᠢᠨ ᠤᠷᠠᠨ ᠰᠠᠢᠢᠬᠠᠨ ᠤ ᠦᠳᠡᠰᠢᠯᠡᠭᠡ ᠵᠡᠷᠭᠡ ᠤᠯᠠᠨ ᠰᠠᠢᠢᠬᠠᠨ ᠲᠤᠭᠯᠠᠯᠲᠠ᠂ ᠬᠤᠲᠠ ᠳᠠᠶᠠᠭᠠᠷ ᠤᠨ ᠰᠤᠶᠤᠯ ᠵᠢᠭᠤᠯᠴᠢᠯᠠᠯ ᠤᠨ ᠲᠡᠯᠭᠡᠨ ᠦᠵᠡᠭᠦᠯᠬᠦ ᠠᠵᠢᠯᠯᠠᠭ᠎ᠠ᠂ ᠬᠠᠲᠤᠨ ᠭᠤᠤᠯ ᠳᠠᠭᠠᠤ ᠶᠢᠰᠤᠨ ᠮᠤᠵᠢ ᠤᠷᠤᠨ ᠤ ᠬᠤᠶᠠᠳᠤᠭᠠᠷ ᠬᠤᠭᠤᠴᠠᠭᠠᠨ ᠤ《 ᠬᠠᠲᠤᠨ ᠭᠤᠤᠯ ᠤᠨ ᠲᠠᠭᠤᠯᠠᠯ》 ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ ᠵᠡᠷᠭᠡ ᠤᠯᠠᠨ ᠠᠵᠢᠯᠯᠠᠭ᠎ᠠ ᠶᠢ ᠲᠦᠪᠯᠡᠷᠡᠭᠦᠯᠦᠨ ᠶᠠᠪᠤᠭᠳᠠᠭᠤᠯᠤᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121319504