蒙古文网站Logo
ᠰᠢᠨᠬᠤᠸᠠ ᠮᠤᠩᠭ᠋ᠤᠯ ᠨᠧᠲ

ᠳᠤᠯᠤᠳᠤᠭᠠᠷ ᠬᠤᠭᠤᠴᠠᠭᠠᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠤᠯᠠᠭᠠᠨᠬᠠᠲᠠ ᠳᠤ ᠡᠬᠢᠯᠡᠪᠡ

2017-07-18 11:37

    ᠰᠢᠨᠬᠤᠸᠠ ᠨᠸᠲ   ᠬᠦᠬᠡᠬᠤᠲᠠ ᠶᠢᠨ 7 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠬᠠᠯᠢᠨ᠎ᠠ)  17 ᠤ ᠡᠳᠦᠷ᠂ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠵᠢᠴᠢ ᠳᠤᠯᠤᠳᠤᠭᠠᠷ ᠬᠤᠭᠤᠴᠠᠭᠠᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠤᠷᠠᠯᠢᠭ ᠤᠨ ᠨᠠᠶᠢᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠬᠠᠲᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠳᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠳᠤ ᠤᠷᠤᠨ ᠳᠠᠶᠠᠭᠠᠷ ᠤᠨ ᠡᠯ᠎ᠠ ᠠᠶᠢᠮᠠᠭ ᠬᠤᠲᠠ ᠶᠢᠨ 17 ᠤᠯᠠᠭᠠᠨᠮᠦ᠋ᠴᠢᠷ ᠤᠨ ᠪᠠᠭ ᠤᠨ 600 ᠭᠠᠷᠤᠢ ᠤᠷᠠᠯᠢᠭᠴᠢᠨ ᠦᠵᠡᠭᠦᠯᠦᠯᠭᠡ ᠶᠢᠨ ᠲᠤᠭᠯᠠᠯᠲᠠ ᠳᠤ ᠤᠷᠤᠯᠴᠠᠨ᠎ᠠ᠃

    1957 ᠤᠨ ᠤ 6 ᠰᠠᠷ ᠠ ᠳᠤ᠂ ᠦᠪᠦᠷ ᠮᠣᠩᠭᠣᠯ ᠤᠨ ᠬᠠᠮᠤᠭ ᠤᠨ ᠠᠩᠬᠠᠨ ᠤ ᠤᠯᠠᠭᠠᠨᠮᠦ᠋ᠴᠢᠷ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠳᠤ ᠪᠠᠶᠢᠭᠤᠯᠤᠭᠳᠠᠵᠤ᠂ ᠤᠷ᠎ᠠ ᠠᠪᠢᠶᠠᠰᠤᠯᠢᠭ ᠤᠷᠭᠢᠯᠦᠮ᠎ᠠ ᠰᠡᠳᠬᠢᠯᠭᠡ ᠲᠠᠢ 9 ᠮᠠᠯᠴᠢᠨ ᠢᠶᠡᠷ ᠪᠦᠷᠢᠯᠳᠤᠭ᠍ᠰᠡᠨ᠃ ᠲᠡᠳᠡᠨᠤᠰ ᠲᠠᠯ᠎ᠠ ᠨᠤᠲᠤᠭ ᠢᠶᠡᠷ ᠤᠯᠠᠨ ᠬᠡᠯᠪᠡᠷᠢ ᠮᠠᠶ᠊ᠢᠭ᠂ ᠪᠠᠶᠠᠯᠢᠭ ᠠᠭᠤᠯᠭ᠎ᠠ ᠪᠦᠬᠦᠢ ᠲᠤᠭᠤᠷᠢᠨ ᠲᠤᠭᠯᠠᠯᠲᠠ ᠭᠠᠷᠭᠠᠵᠦ᠂ ᠮᠠᠯᠴᠢᠳ ᠤᠨ ᠠᠮᠢᠳᠤᠷᠠᠯ ᠤᠨ ᠰᠢᠨ᠎ᠠ ᠬᠡᠷᠡᠭ ᠰᠢᠨ᠎ᠠ ᠶᠠᠪᠤᠳᠠᠯ ᠢ ᠲᠤᠰᠬᠠᠨ ᠦᠨᠳᠦᠰᠦᠲᠡᠨ ᠤ ᠤᠨᠴᠠᠯᠢᠭ ᠪᠤᠯᠤᠨ ᠪᠦᠰᠡ ᠨᠤᠲᠤᠭ ᠤᠨ ᠤᠨᠴᠠᠯᠢᠭ ᠲᠤᠪᠤᠶᠢᠮ᠎ᠠ ᠪᠠᠶᠢᠳᠠᠭ ᠢᠶᠡᠷ ᠢᠶᠡᠨ ᠮᠠᠯᠴᠢᠳ ᠤᠨ ᠬᠠᠯᠠᠭᠤᠨ ᠬᠦᠷᠢᠶᠡᠯᠡᠯ ᠢ ᠤᠯᠪᠠ᠃

    ᠤᠳᠤᠬᠠᠨ ᠳᠤ᠂ ᠤᠯᠠᠭᠠᠨᠮᠦ᠋ᠴᠢᠷ ᠤᠷᠤᠨ ᠳᠠᠶᠠᠭᠠᠷ ᠲᠤ ᠨᠡᠶᠢᠲᠡ 75 ᠪᠠᠭ ᠤᠨ 3000 ᠭᠠᠷᠤᠢ ᠭᠡᠰᠢᠭᠦᠨ ᠲᠠᠢ᠂ ᠵᠢᠯ ᠪᠦᠷᠢ ᠪᠠᠭ ᠪᠤᠯᠭᠠᠨ ᠨᠢᠭᠡ ᠤᠳᠠᠭᠠᠨ ᠤ ᠪᠠᠭ᠎ᠠ ᠬᠡᠯᠪᠡᠷᠢ ᠶᠢᠨ ᠦᠨᠳᠦᠰᠦᠲᠡᠨ ᠤ ᠤᠷᠠᠯᠢᠭ ᠤᠨ ᠦᠳᠡᠰᠢᠯᠡᠭᠡ ᠵᠤᠬᠢᠶᠠᠨ ᠪᠠᠶᠢᠭᠤᠯᠳᠠᠬ᠂ ᠪᠠᠬ ᠪᠤᠯᠭᠠᠨ ᠬᠤᠰᠢᠭᠤ ᠰᠢᠶᠠᠨ ᠤ ᠪᠡᠨ ᠬᠦᠳᠡᠭᠡ ᠤᠷᠤᠨ ᠨᠤᠲᠤᠭ ᠲᠤ ᠵᠢᠯ ᠳᠤ 100 ᠲᠠᠯᠠᠪᠠᠢ ᠲᠤᠭᠯᠠᠯᠲᠠ ᠭᠠᠷᠭᠠᠵᠤ ᠪᠤᠢ᠃

    60 ᠵᠢᠯ ᠤᠨ ᠲᠤᠷᠰᠢ᠂ ᠤᠯᠠᠭᠠᠨᠮᠦ᠋ᠴᠢᠷ ᠦᠪᠦᠷ ᠮᠣᠩᠭᠣᠯ ᠤᠨ ᠠᠭᠤᠳᠠᠮ ᠲᠠᠯ᠎ᠠ ᠳᠤ ᠦᠨᠢᠳᠡ ᠮᠠᠨᠳᠤᠨ ᠨᠠᠮᠢᠷᠠᠬᠤ ᠰᠤᠶᠤᠯ ᠤᠷᠠᠯᠢᠭ ᠤᠨ《 ᠤᠯᠠᠭᠠᠨ ᠲᠤᠭ》ᠪᠤᠯᠵᠠᠢ᠃ ᠲᠡᠳᠡᠨᠡᠷ ᠪᠦᠬᠦ ᠰᠡᠳᠬᠢᠯ ᠪᠦᠬᠦ ᠵᠤᠷᠢᠭ ᠢᠶᠡᠷ ᠢᠶᠡᠨ ᠮᠠᠯᠴᠢᠨ ᠲᠠᠷᠢᠶᠠᠴᠢᠳ ᠲᠤ ᠦᠢᠯᠡᠴᠢᠯᠡᠬᠦ ᠶᠢ ᠪᠠᠷᠢᠮᠲᠠᠯᠠᠵᠤ᠂ ᠲᠠᠯ᠎ᠠ ᠨᠤᠲᠤᠭ ᠲᠤ ᠰᠠᠭᠤᠷᠢᠰᠢᠨ᠂ ᠮᠠᠯᠴᠢᠨ ᠲᠦᠮᠡᠨ ᠲᠠᠢ ᠤᠶᠢᠷᠠᠳᠴᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠨᠠᠮ ᠤᠨ ᠰᠤᠶᠤᠯ ᠤᠷᠠᠯᠢᠭ ᠤᠨ ᠴᠢᠭᠯᠡᠯᠲᠡ ᠪᠤᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠦᠢᠯᠡᠳᠦᠯᠭᠡᠵᠢᠭᠦᠯᠵᠤ᠂ ᠴᠦᠬᠡᠨ ᠲᠤᠭᠠᠲᠤ ᠦᠨᠳᠦᠰᠦᠲᠡᠨ ᠤ ᠪᠦᠰᠡ ᠨᠤᠲᠤᠭ ᠤᠨ ᠦᠨᠳᠦᠰᠦᠨ ᠱᠠᠲᠤᠨ ᠤ ᠰᠤᠶᠤᠯ ᠤᠷᠠᠯᠢᠭ ᠤᠨ ᠦᠢᠯᠡᠴᠢᠯᠡᠭᠡᠨ ᠤ ᠰᠢᠨ᠎ᠠ ᠭᠠᠷᠴᠠ ᠪᠤᠯᠵᠤ᠂ ᠬᠦᠳᠡᠭᠡ ᠤᠷᠤᠨ ᠨᠤᠲᠤᠭ ᠤᠨ ᠰᠤᠶᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠢ ᠨᠢᠬᠳᠠᠷᠠᠭᠤᠯᠤᠨ᠂ ᠬᠢᠯᠢ ᠬᠢᠵᠠᠭᠠᠷ ᠤᠨ ᠲᠤᠭᠲᠠᠭᠤᠨ ᠡᠩᠭᠡ ᠲᠠᠶᠢᠪᠤᠩ ᠳᠤ ᠬᠤᠪᠢ ᠨᠡᠮᠡᠷᠢ ᠪᠡᠨ ᠦᠵᠡᠭᠦᠯᠵᠠᠢ᠃

    ᠤᠶᠢᠯᠠᠭᠠᠭᠰᠠᠨ ᠢᠶᠡᠷ᠂ ᠲᠤᠰ ᠠᠵᠢᠯᠯᠠᠭ᠎ᠠ ᠨᠢ ᠨᠢᠭᠡ ᠭᠠᠷᠠᠭ ᠶᠠᠪᠤᠭᠳᠠᠵᠤ᠂ ᠤᠷᠤᠨ ᠳᠠᠶᠠᠭᠠᠷ ᠤᠨ ᠡᠯ᠎ᠠ ᠠᠶᠢᠮᠠᠭ ᠬᠤᠲᠠ ᠶᠢᠨ 17 ᠤᠯᠠᠭᠠᠨᠮᠦ᠋ᠴᠢᠷ ᠤᠨ ᠪᠠᠭ ᠤᠨ 600 ᠭᠠᠷᠤᠢ ᠤᠷᠠᠯᠢᠭᠴᠢᠨ ᠲᠤᠭᠯᠠᠯᠲᠠ ᠳᠤ ᠤᠷᠤᠯᠴᠠᠵᠤ᠂ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠲᠤᠷᠰᠢᠬᠢ ᠤᠷᠠᠯᠢᠭ ᠤᠨ ᠡᠭᠦᠳᠦᠨ ᠪᠦᠲᠦᠭᠡᠯᠲᠡ ᠪᠤᠯᠤᠨ ᠰᠢᠯᠢᠳᠡᠭ ᠲᠤᠭᠯᠠᠯᠲᠠ ᠶᠢᠨ ᠪᠦᠲᠦᠭᠡᠯ ᠢ ᠲᠦᠪᠯᠡᠷᠡᠭᠦᠯᠦᠨ ᠦᠵᠡᠭᠦᠯᠬᠦ ᠶᠢᠨ ᠬᠠᠮᠲᠤ ᠤᠯᠠᠭᠠᠨᠮᠦ᠋ᠴᠢᠷ ᠤᠨ ᠪᠦᠲᠦᠭᠡᠨ ᠪᠠᠶᠢᠭᠤᠯᠤᠯᠲᠠ ᠪᠤᠯᠤᠨ ᠠᠵᠢᠯ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠤᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121337805