蒙古文网站Logo
ᠰᠢᠨᠬᠤᠸᠠ ᠮᠤᠩᠭ᠋ᠤᠯ ᠨᠧᠲ

ᠬᠦᠯᠦᠨ ᠪᠤᠶᠢᠷ ᠬᠤᠲᠠ ᠶᠢᠨ ᠭᠤᠷᠪᠠᠳᠤᠭᠠᠷ ᠬᠤᠭᠤᠴᠠᠭᠠᠨ ᠤ ᠰᠢᠯᠢᠮᠳᠡᠭ ᠤᠨ ᠴᠡᠴᠡᠭ ᠤᠨ ᠵᠢᠭᠤᠯᠴᠢᠯᠠᠯ ᠤᠨ ᠨᠠᠶᠢᠷ ᠡᠬᠢᠯᠡᠪᠡ

2017-07-24 17:10

    7 ᠰᠠᠷ᠎ᠠ ᠶᠢᠨ 22 ᠤᠨ ᠡᠳᠦᠷ《ᠭᠠᠩᠭ᠋ᠠᠩ ᠰᠠᠶᠢᠬᠠᠨ ᠰᠢᠯᠢᠮᠳᠡᠭ ᠤᠨ ᠴᠡᠴᠡᠭ · ᠦᠵᠡᠰᠭᠦᠯᠡᠩᠲᠤ ᠰᠠᠶᠢᠬᠠᠨ ᠦᠵᠡᠮᠵᠢ ᠶᠢᠨ ᠤᠷᠤᠨ》 ᠬᠦᠯᠦᠨ ᠪᠤᠶᠢᠷ ᠬᠤᠲᠠ ᠶᠢᠨ ( ᠶᠠᠭᠰᠢ) ᠭᠤᠷᠪᠠᠳᠤᠭᠠᠷ ᠬᠤᠭᠤᠴᠠᠭᠠᠨ ᠤ ᠰᠢᠯᠢᠮᠳᠡᠭ ᠤᠨ ᠴᠡᠴᠡᠭ ᠤᠨ ᠵᠢᠭᠤᠯᠴᠢᠯᠠᠯ ᠤᠨ ᠨᠠᠶᠢᠷ ᠡᠬᠢᠯᠡᠪᠡ᠃

    ᠰᠡᠭᠦᠯ ᠤᠨ ᠵᠢᠯ ᠤᠳ ᠲᠤ᠂ ᠶᠠᠭᠰᠢ ᠬᠤᠲᠠ ᠠᠮᠢ ᠠᠬᠤᠢ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠰᠢᠯᠢᠮᠳᠡᠭ ᠤᠨ ᠴᠡᠴᠡᠭ ᠤᠨ ᠴᠡᠴᠡᠭᠯᠡᠬᠦ ᠬᠤᠭᠤᠴᠠᠭ᠎ᠠ ᠤᠷᠳᠤ᠂ ᠲᠠᠯᠠᠪᠠᠢ ᠶᠡᠬᠡ᠂ ᠦᠵᠡᠮᠵᠢ ᠶᠢᠨ ᠡᠬᠢ ᠪᠠᠶᠠᠯᠢᠭ ᠤᠨ ᠨᠡᠶᠢᠯᠡᠯ ᠤᠯᠠᠨ ᠵᠡᠷᠭᠡ ᠤᠨᠴᠠᠯᠢᠭ ᠢᠶᠡᠨ ᠳᠤᠪᠤᠶᠢᠯᠭᠠᠵᠤ《 ᠠᠭᠤᠰᠤᠯᠴᠠᠨ ᠰᠢᠨ᠎ᠠ ᠶᠢ ᠡᠭᠦᠳᠬᠦ᠂ ᠬᠦᠭ᠍ᠵᠢᠯ ᠢ ᠬᠠᠮᠲᠤᠪᠠᠷ ᠡᠳ᠋ᠯᠡᠬᠦ》ᠤᠶᠢᠯᠠᠭᠠᠯᠲᠠ ᠶᠢ ᠦᠨᠳᠦᠰᠦᠯᠡᠨ᠂ ᠲᠠᠷᠢᠶᠠᠯᠠᠩ ᠠᠵᠤ ᠦᠢᠯᠡᠰ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠠᠷᠢᠶᠠᠴᠢᠨ ᠡᠷᠦᠬᠡ ᠶᠢᠨ ᠦᠵᠡᠮᠵᠢ ᠶᠢᠨ ᠵᠤᠭᠠᠴᠠᠯ ᠰᠡᠯᠡᠭᠦᠴᠡᠯ ᠲᠠᠢ ᠤᠶᠠᠯᠳᠤᠭᠤᠯᠤᠨ《 ᠵᠢᠭᠤᠯᠴᠢᠯᠠᠯ + ᠠᠮᠢ ᠠᠬᠤᠢ ᠲᠠᠷᠢᠶᠠᠯᠠᠩ》 ᠤ᠋ᠨ ᠬᠢᠯᠠᠰ ᠴᠡᠭ ᠢ ᠪᠦᠲᠦᠭᠡᠨ ᠪᠠᠶᠢᠭᠤᠯᠤᠨ᠎ᠠ᠃ ᠶᠠᠭᠰᠢ ᠬᠤᠲᠠ ᠶᠢᠨ ᠪᠤᠬᠢᠷᠳᠤᠯ ᠦᠭᠡᠢ ᠠᠮᠢ ᠠᠬᠤᠢ ᠶᠢᠨ ᠪᠷᠸᠨ᠋ᠳ᠋ ᠢ ᠪᠤᠢ ᠪᠤᠯᠭᠠᠵᠤ᠂ ᠬᠤᠶᠠᠷ ᠬᠤᠭᠤᠴᠠᠭᠠᠨ ᠤ ᠰᠢᠯᠢᠮᠳᠡᠭ ᠤᠨ ᠴᠡᠴᠡᠭ ᠤᠨ ᠵᠢᠭᠤᠯᠴᠢᠯᠠᠯ ᠤᠨ ᠨᠠᠶᠢᠷ ᠢ ᠡᠷᠬᠢᠯᠡᠪᠡ᠃

    ᠦᠨᠦ ᠵᠢᠯ᠂ ᠶᠠᠭᠰᠢ ᠬᠤᠲᠠ《 ᠠᠭᠤᠯᠭ᠎ᠠ ᠶᠢ ᠪᠠᠶᠠᠯᠢᠭᠵᠢᠭᠤᠯᠬᠤ᠂ ᠠᠯᠢ ᠪᠤᠯᠬᠤ ᠪᠡᠷ ᠠᠷᠪᠢᠯᠠᠨ ᠭᠠᠮᠨᠠᠬᠤ᠂ ᠪᠠᠶᠢᠭᠠᠯᠢ ᠤᠷᠴᠢᠨ ᠢ ᠬᠠᠮᠠᠭᠠᠯᠠᠬᠤ᠂ ᠪᠷᠸᠨ᠋ᠳ᠋ ᠢ ᠪᠤᠢ ᠪᠤᠯᠭᠠᠬᠤ》 ᠵᠠᠷᠴᠢᠮ ᠢ ᠪᠠᠷᠢᠮᠲᠠᠯᠠᠨ᠂ ᠦᠪᠡᠷᠮᠢᠴᠡ ᠪᠦᠲᠦᠭᠡᠭ᠍ᠲᠡᠬᠦᠨ ᠢ ᠲᠦᠪᠯᠡᠷᠡᠭᠦᠯᠦᠨ ᠦᠵᠡᠭᠦᠯᠬᠦ ᠪᠡᠷ ᠪᠠᠶᠢᠨ᠎ᠠ᠃

 

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121371979