蒙古文网站Logo
ᠰᠢᠨᠬᠤᠸᠠ ᠮᠤᠩᠭ᠋ᠤᠯ ᠨᠧᠲ

ᠬᠤᠷᠴᠢᠨ ᠤ ᠪᠠᠷ ᠵᠢᠷᠤᠭ ᠭᠧᠷᠮᠠᠨᠴᠤᠳ ᠤᠨ ᠨᠢᠳᠦ ᠶᠢ ᠬᠤᠵᠢᠷᠯᠠᠯ᠎ᠠ

2017-07-24 18:01

    ᠪᠧᠷᠯᠢᠨ ᠳᠠᠬᠢ ᠳᠤᠮᠳᠠᠳᠤ ᠤᠯᠤᠰ ᠤᠨ ᠰᠤᠶᠤᠯ ᠤᠨ ᠲᠦᠪ ᠠᠴᠠ ᠵᠣᠬᠢᠶᠠᠨ ᠪᠠᠶᠢᠭᠤᠯᠤᠭᠰᠠᠨ《ᠦᠵᠡᠰᠬᠦᠯᠡᠩᠲᠦ ᠰᠠᠶᠢᠬᠠᠨ ᠮᠢᠨᠦ ᠨᠤᠲᠤᠭ - ᠥᠪᠥᠷ ᠮᠣᠩᠭᠤᠯ ᠤᠨ ᠬᠤᠷᠴᠢᠨ ᠪᠠᠷ ᠵᠢᠷᠤᠭ ᠤᠨ ᠦᠵᠡᠰᠬᠦᠯᠡᠩ》ᠤᠷᠴᠢᠮᠬᠠᠨ ᠪᠧᠷᠯᠢᠨ ᠬᠤᠳᠠ ᠳᠤ ᠨᠡᠭᠡᠭᠡᠯᠲᠡ ᠪᠠᠨ ᠬᠢᠵᠤ ᠨᠡᠶᠢᠲᠡ 55 ᠪᠠᠷ ᠵᠢᠷᠤᠭ ᠢ ᠳᠡᠯᠭᠡᠨ ᠦᠵᠡᠬᠦᠯᠦᠭᠰᠡᠨ ᠪᠠᠶᠢᠨ᠎ᠠ᠃ 

    ᠲᠦᠩᠯᠢᠶᠣᠣ ᠬᠤᠲᠠ ᠶᠢᠨ ᠰᠣᠶᠣᠯ᠂ ᠬᠡᠪᠯᠡᠯ ᠮᠡᠳᠡᠭᠡᠯᠡᠯ᠂ ᠷᠠᠳᠢᠣ᠋ ᠲᠧᠯᠧᠢᠰ ᠤᠨ ᠭᠠᠵᠠᠷ ᠤᠨ ᠣᠷᠣᠯᠠᠭᠴᠢ ᠳᠠᠷᠤᠭ᠎ᠠ ᠴᠢ ᠭᠧᠨ ᠵᠦ᠄《ᠬᠤᠷᠴᠢᠨ ᠪᠠᠷ ᠵᠢᠷᠤᠭ 20 ᠳ᠋ᠤᠭᠠᠷ ᠵᠠᠭᠤᠨ ᠤ ᠲᠠᠪᠢᠭᠠᠳ ᠣᠨ ᠠᠴᠠ ᠡᠭᠦᠰᠦᠯᠲᠡᠢ ᠪᠥᠭᠡᠳ ᠮᠣᠩᠭᠤᠯ ᠦᠨᠳᠦᠰᠦᠲᠡᠨ ᠤ ᠥᠪᠡᠷᠮᠢᠴᠡ᠂ ᠭᠤᠸ᠎ᠠ ᠰᠠᠶᠢᠬᠠᠨ ᠤ ᠦᠵᠡᠯ ᠢ ᠪᠠᠷ ᠵᠢᠷᠤᠭ ᠤᠨ ᠥᠩᠭᠡ ᠠᠶᠠᠰ ᠲᠤ ᠨᠡᠶᠢᠴᠡᠭᠦᠯᠦᠭᠰᠡᠨ ᠪᠠᠶᠢᠳᠠᠭ᠃ ᠡᠨᠡ ᠦᠵᠡᠰᠬᠦᠯᠡᠩ ᠥᠪᠥᠷ ᠮᠣᠩᠭᠤᠯ ᠢ ᠲᠠᠨᠢᠯᠴᠠᠭᠤᠯᠵᠤ᠂ ᠳᠤᠮᠳᠠᠳᠤ᠂ ᠭᠧᠷᠮᠠᠨ ᠬᠤᠶᠠᠷ ᠣᠷᠣᠨ ᠤ ᠰᠤᠶᠤᠯ ᠤᠨ ᠰᠠᠯᠪᠤᠷᠢ ᠶᠢᠨ ᠰᠣᠯᠢᠯᠴᠠᠭ᠎ᠠ᠂ ᠬᠠᠮᠲᠤ ᠶᠢᠨ ᠠᠵᠢᠯᠯᠠᠭ᠎ᠠ ᠂ ᠮᠥᠨ ᠬᠤᠶᠠᠷ ᠣᠷᠣᠨ ᠤ ᠠᠷᠠᠳ ᠲᠦᠮᠡᠨ ᠤ ᠣᠶᠢᠯᠠᠭᠠᠯᠴᠠᠯ ᠢ ᠨᠡᠮᠡᠭᠳᠡᠭᠦᠯᠬᠦ ᠳᠤ ᠴᠢᠬᠤᠯᠠ ᠨᠥᠯᠥᠭᠡ ᠦᠵᠡᠭᠦᠯᠦᠨ᠎ᠡ》ᠭᠡᠵᠡᠢ᠃ ᠨᠡᠭᠡᠭᠡᠯᠲᠡ ᠶᠢᠨ ᠶᠤᠰᠤᠯᠠᠯ ᠤᠨ ᠳᠠᠷᠠᠭ᠎ᠠ ᠳᠤᠮᠳᠠᠳᠤ᠂ ᠭᠧᠷᠮᠠᠨ ᠤ 50 ᠭᠠᠷᠤᠢ ᠬᠦᠨᠳᠦᠳᠤ ᠵᠣᠴᠢᠨ ᠦᠵᠡᠰᠬᠦᠯᠡᠩ ᠢ ᠰᠤᠨᠢᠷᠬᠠᠭᠰᠠᠨ ᠪᠠᠶᠢᠨ᠎ᠠ᠃ ᠦᠵᠡᠰᠬᠦᠯᠡᠩ ᠨᠢ 8 ᠰᠠᠷ᠎ᠠ ᠶᠢᠨ 29 ᠪᠤᠯᠳᠠᠯ᠎ᠠ ᠦᠷᠭᠦᠯᠵᠢᠯᠡᠨ᠎ᠡ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121372228