蒙古文网站Logo
ᠰᠢᠨᠬᠤᠸᠠ ᠮᠤᠩᠭ᠋ᠤᠯ ᠨᠧᠲ

ᠦᠨᠳᠦᠰᠦᠲᠡᠨ ᠤ ᠵᠠᠭᠤᠭᠠᠳ ᠰᠢᠯᠢᠳᠡᠭ ᠺᠢᠨᠤ᠋ ᠶᠢ ᠦᠪᠦᠷ ᠮᠣᠩᠭᠣᠯ ᠳᠤ ᠭᠠᠷᠭᠠᠬᠤ  ᠪᠡᠷ ᠪᠤᠢ

2017-07-28 10:46

    ᠤᠯᠤᠰ ᠤᠨ ᠰᠤᠨᠢᠨ ᠮᠡᠳᠡᠭᠡ ᠬᠡᠪᠯᠡᠯ ᠷᠠᠳᠢᠤ᠋ ᠲᠸᠯᠸᠢᠰ ᠲᠤᠪᠴᠢᠶ᠎ᠠ ᠶᠢᠨ ᠺᠢᠨᠤ᠋ ᠶᠢᠨ ᠲᠤᠪᠴᠢᠶ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠰᠤᠶᠤᠯ ᠤᠬᠠᠭᠤᠯᠭ᠎ᠠ ᠶᠢᠨ ᠵᠤᠷᠭᠠᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠨᠢᠨ ᠮᠡᠳᠡᠭᠡ ᠬᠡᠪᠯᠡᠯ ᠷᠠᠳᠢᠤ᠋ ᠲᠸᠯᠸᠢᠰ ᠲᠤᠪᠴᠢᠶ᠎ᠠ ᠡᠴᠡ ᠰᠠᠨᠠᠭᠠᠴᠢᠯᠠᠨ᠂ ᠤᠯᠤᠰ ᠤᠨ ᠰᠤᠨᠢᠨ ᠮᠡᠳᠡᠭᠡ ᠬᠡᠪᠯᠡᠯ ᠷᠠᠳᠢᠤ᠋ ᠲᠸᠯᠸᠢᠰ ᠲᠤᠪᠴᠢᠶ᠎ᠠ ᠶᠢᠨ ᠺᠢᠨᠤ᠋ ᠶᠢᠨ ᠰᠤᠪᠠᠭ ᠡᠴᠡ ᠵᠤᠬᠢᠶᠠᠨ ᠪᠠᠶᠢᠭᠤᠯᠤᠭᠰᠠᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠨᠰᠠ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠭᠤᠤᠯᠳᠠᠯᠭ᠎ᠠ ᠲᠠᠢ ᠤᠯᠠᠨ ᠲᠦᠮᠡᠨᠴᠢ ᠴᠢᠨᠠᠷᠲᠠᠢ ᠰᠤᠶᠤᠯ ᠤᠨ ᠠᠵᠢᠯᠯᠠᠭᠠᠨ ᠤ ᠨᠢᠭᠡ ᠪᠤᠯᠬᠤ《ᠴᠡᠭᠡᠨ ᠬᠦᠰᠢᠭᠡ ᠶᠢᠨ ᠭᠢᠯᠪᠠᠭ᠎ᠠ ᠲᠠᠯ᠎ᠠ ᠨᠤᠲᠤᠭ ᠢ ᠬᠡᠷᠡᠯᠳᠤᠭᠦᠯᠦᠨ᠎ᠠ ᠭᠡᠷᠡᠯ ᠰᠡᠴᠤᠷᠠᠩᠭ᠋ᠤᠢ 70 ᠵᠢᠯ ᠢᠶᠡᠨ ᠪᠠᠶᠠᠷᠯᠠᠨ ᠪᠡᠯᠭᠡᠯᠡᠶ᠎ᠠ - ᠴᠦᠬᠡᠨ ᠲᠤᠭᠠᠲᠤ ᠦᠨᠳᠦᠰᠦᠲᠡᠨ ᠤ ᠰᠢᠯᠢᠳᠡᠭ ᠺᠢᠨᠤ᠋ ᠶᠢᠨ ᠳᠡᠯᠭᠡᠨ ᠦᠵᠡᠭᠦᠯᠤᠯᠭᠡ ᠶᠢᠨ ᠤᠯᠠᠷᠢᠯ》 ᠤ᠋ᠨ ᠠᠵᠢᠯᠯᠠᠭ᠎ᠠ 27 ᠤ ᠡᠳᠦᠷ ᠦᠪᠦᠷ ᠮᠣᠩᠭᠣᠯ ᠤᠨ ᠬᠦᠬᠡᠬᠤᠲᠠ ᠳᠤ ᠡᠬᠢᠯᠡᠪᠡ᠃ ᠢᠩᠭᠢᠭ᠍ᠰᠡᠨ ᠢᠶᠡᠷ 3 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠴᠦᠬᠡᠨ ᠲᠤᠭᠠᠲᠤ ᠦᠨᠳᠦᠰᠦᠲᠡᠨ ᠤ ᠰᠢᠯᠢᠳᠡᠭ ᠺᠢᠨᠤ᠋ ᠶᠢᠨ ᠳᠡᠯᠭᠡᠨ ᠦᠵᠡᠭᠦᠯᠦᠯᠭᠡ ᠶᠢᠨ ᠤᠯᠠᠷᠢᠯ ᠤᠨ ᠠᠵᠢᠯᠯᠠᠭ᠎ᠠ ᠵᠢᠩᠬᠢᠨᠢ ᠪᠡᠷ ᠡᠬᠢᠯᠡᠯ᠎ᠠ᠃

    ᠡᠬᠢᠯᠡᠯᠲᠡ ᠶᠢᠨ ᠶᠤᠰᠤᠯᠠᠯ ᠳᠤ᠂ ᠤᠯᠤᠰ ᠤᠨ ᠰᠤᠨᠢᠨ ᠮᠡᠳᠡᠭᠡ ᠬᠡᠪᠯᠡᠯ ᠷᠠᠳᠢᠤ᠋ ᠲᠸᠯᠸᠢᠰ ᠲᠤᠪᠴᠢᠶ᠎ᠠ ᠡᠴᠡ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠳᠤ ᠺᠢᠨᠤ᠋ ᠭᠠᠷᠭᠠᠬᠤ 100ᠮᠠᠰᠢᠨ ᠪᠡᠯᠡᠭᠯᠡᠪᠡ᠃

    ᠤᠶᠢᠯᠠᠭᠠᠭᠰᠠᠨ ᠢᠶᠡᠷ᠂ 《ᠴᠡᠭᠡᠨ ᠬᠦᠰᠢᠭᠡ ᠶᠢᠨ ᠭᠢᠯᠪᠠᠭ᠎ᠠ ᠲᠠᠯ᠎ᠠ ᠨᠤᠲᠤᠭ ᠢ ᠬᠡᠷᠡᠯᠳᠤᠭᠦᠯᠦᠨ᠎ᠠ ᠭᠡᠷᠡᠯ ᠰᠡᠴᠤᠷᠠᠩᠭ᠋ᠤᠢ 70 ᠵᠢᠯ ᠢᠶᠡᠨ ᠪᠠᠶᠠᠷᠯᠠᠨ ᠪᠡᠯᠭᠡᠯᠡᠶ᠎ᠠ - ᠴᠦᠬᠡᠨ ᠲᠤᠭᠠᠲᠤ ᠦᠨᠳᠦᠰᠦᠲᠡᠨ ᠤ ᠰᠢᠯᠢᠳᠡᠭ ᠺᠢᠨᠤ᠋ ᠶᠢᠨ ᠳᠡᠯᠭᠡᠨ ᠦᠵᠡᠭᠦᠯᠤᠯᠭᠡ ᠶᠢᠨ ᠤᠯᠠᠷᠢᠯ》 ᠤ᠋ᠨ ᠠᠵᠢᠯᠯᠠᠭ᠎ᠠ ᠨᠢ 7 ᠰᠠᠷ᠎ᠠ ᠶᠢᠨ 1 ᠡᠴᠡ 9 ᠰᠠᠷ᠎ᠠ ᠶᠢᠨ 30 ᠤ ᠡᠳᠦᠷ ᠪᠤᠯᠲᠠᠯ᠎ᠠ ᠶᠠᠪᠤᠭᠳᠠᠵᠤ᠂ ᠺᠢᠨᠤ᠋ ᠶᠢᠨ ᠤᠷᠳᠤᠨ ᠳᠤ ᠭᠠᠷᠭᠠᠬᠤ ᠪᠠ ᠲᠤᠭᠤᠷᠢᠨ ᠭᠠᠷᠭᠠᠬᠤ  ᠶᠢ ᠤᠶᠠᠯᠳᠤᠭᠤᠯᠵᠤ᠂ ᠤᠷᠤᠨ ᠳᠠᠶᠠᠭᠠᠷ ᠤᠨ ᠡᠯ᠎ᠠ ᠠᠶᠢᠮᠠᠭ ᠬᠤᠲᠠ ᠶᠢᠨ ᠺᠢᠨᠤ᠋ ᠶᠢᠨ ᠤᠷᠳᠤᠨ ᠵᠢᠴᠢ ᠡᠯ᠎ᠠ ᠬᠤᠰᠢᠭᠤ ᠰᠢᠶᠠᠨ( ᠲᠤᠭᠤᠷᠢᠭ) ᠤ ᠠᠯᠪᠠᠨ ᠪᠠᠶᠢᠭᠤᠯᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠴᠡᠷᠢᠭ᠌ ᠤᠨ ᠬᠤᠸᠠᠷᠠᠨ᠂ ᠠᠭᠤᠳᠠᠮ ᠲᠠᠯᠠᠪᠠᠢ ᠵᠡᠷᠭᠡ ᠲᠠᠯᠠᠪᠤᠷ ᠲᠤ ᠭᠠᠷᠭᠠᠨ ᠦᠵᠡᠭᠦᠯᠤᠨ᠎ᠠ᠃

ᠢᠷᠡᠯᠳᠡ᠄ ᠭᠤᠸᠠᠩ ᠮᠢᠩ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121394733