蒙古文网站Logo
ᠰᠢᠨᠬᠤᠸᠠ ᠮᠤᠩᠭ᠋ᠤᠯ ᠨᠧᠲ

《ᠴᠡᠷᠢᠭ ᠪᠠᠶᠢᠭᠤᠯᠤᠭᠰᠠᠨ ᠶᠡᠭᠡ ᠦᠢᠯᠡᠰ》 ᠮᠤᠩᠭ᠋ᠤᠯ ᠦᠵᠡᠭᠴᠢᠳ ᠲᠠᠢ ᠪᠡᠨ ᠵᠤᠯᠭᠠᠯ᠎ᠠ

2017-07-31 16:53

    7 ᠰᠠᠷ᠎ᠠ ᠶᠢᠨ 28 ᠤ ᠡᠳᠦᠷ᠂ ᠦᠪᠦᠷ ᠮᠤᠩ᠋ᠭᠤᠯ ᠤᠨ ᠦᠨᠳᠦᠰᠦᠲᠡᠨ ᠤ ᠺᠢᠨᠣ᠋ ᠤᠷᠴᠢᠭᠤᠯᠭ᠎ᠠ  ᠶᠢᠨ ᠲᠦᠪ  ᠤᠨ ᠮᠣᠩ᠋ᠭᠤᠯ  ᠢᠶᠠᠷ ᠤᠷᠴᠢᠭᠤᠯᠤᠨ ᠬᠢᠭᠰᠡᠨ 《ᠴᠡᠷᠢᠭ ᠪᠠᠶᠢᠭᠤᠯᠤᠭᠰᠠᠨ ᠶᠡᠭᠡ ᠦᠢᠯᠡᠰ》ᠬᠡᠮᠡᠬᠦ ᠺᠢᠨᠣ᠋ ᠶᠢᠨ ᠨᠡᠭᠡᠭᠡᠯᠳᠡ ᠶᠢᠨ ᠶᠤᠰᠤᠯᠠᠯ ᠬᠦᠬᠡᠬᠤᠲᠠ ᠳᠤ ᠪᠤᠯᠪᠠ᠃

    ᠲᠤᠰ ᠺᠢᠨᠣ᠋ ᠨᠢ ᠬᠤᠪᠢᠰᠬᠠᠯᠴᠢ ᠪᠠᠭᠠᠲᠤᠷᠴᠤᠳ ᠤᠨ ᠭᠠᠯ ᠵᠠᠯᠠᠭᠤ ᠨᠠᠰᠤᠨ ᠳᠠᠭᠠᠨ ᠤᠯᠤᠰ ᠤᠷᠤᠨ ᠤ ᠪᠡᠨ ᠲᠦᠯᠦᠭᠡ ᠠᠷᠢᠭᠤᠨ ᠴᠢᠰᠤ ᠪᠠᠨ ᠤᠷᠤᠰᠬᠠᠵᠤ᠂ ᠠᠯᠳᠠᠨ ᠠᠮᠢ ᠪᠠᠨ ᠦᠷᠡᠭᠳᠡᠭᠦᠯᠦᠨ᠂ ᠬᠤᠪᠢᠰᠬᠠᠯᠲᠤ ᠴᠡᠷᠢᠭ ᠠᠩᠬᠢ ᠶᠢ ᠪᠠᠶᠢᠭᠤᠯᠤᠭᠰᠠᠨ ᠦᠩᠭᠡ ᠭᠡᠷᠡᠯᠲᠦ ᠰᠦᠷ ᠵᠢᠪᠬᠤᠯᠠᠩᠲᠤ ᠦᠢᠯᠡ ᠬᠡᠷᠡᠭ ᠢ ᠲᠤᠰᠬᠠᠬᠰᠠᠨ ᠲᠡᠤᠬᠡᠨ ᠰᠡᠳᠤᠪᠳᠤ ᠪᠦᠲᠦᠭᠡᠯ ᠪᠤᠯᠬᠤ ᠪᠦᠬᠡᠳ 2017 ᠤᠨ ᠤ ᠴᠡᠷᠢᠭ ᠪᠠᠶᠢᠭᠤᠯᠤᠭᠳᠠᠬᠰᠠᠨ 90 ᠵᠢᠯ ᠤᠨ ᠤᠢ ᠳᠤ ᠪᠠᠷᠢᠬᠤ ᠨᠠᠨᠳᠢᠨ ᠪᠡᠯᠡᠭ ᠪᠤᠯᠤᠨ᠎ᠠ᠃ ᠡᠨᠡᠬᠦ ᠺᠢᠨᠣ᠋ ᠨᠢ 《ᠤᠯᠤᠰ ᠪᠠᠶᠢᠭᠤᠯᠤᠭᠰᠠᠨ ᠶᠡᠭᠡ ᠦᠢᠯᠡᠰ》᠂ 《ᠨᠠᠮ ᠪᠠᠶᠢᠭᠤᠯᠤᠭᠰᠠᠨ ᠠᠤᠭ᠎ᠠ ᠦᠢᠯᠡᠰ》 ᠬᠡᠬᠦ ᠬᠤᠶᠠᠷ ᠺᠢᠨᠣ᠋ ᠲᠠᠢ ᠬᠠᠮᠲᠤ 《ᠤᠯᠤᠰ ᠪᠠᠶᠢᠭᠤᠯᠤᠭᠰᠠᠨ ᠭᠤᠷᠪᠠᠨ ᠨᠠᠶᠢᠷᠠᠭ》 ᠬᠡᠮᠡᠭᠳᠡᠵᠡᠢ᠃

    ᠺᠢᠨᠣ᠋ ᠶᠢ ᠦᠪᠦᠷ ᠮᠤᠩᠭᠤᠯ ᠤᠨ ᠦᠨᠳᠦᠰᠦᠲᠡᠨ ᠤ ᠺᠢᠨᠣ᠋ ᠤᠷᠴᠢᠭᠤᠯᠭ᠎ᠠ ᠶᠢᠨ ᠲᠦᠪ ᠤᠨ ᠤᠷᠴᠢᠭᠤᠯᠤᠭᠴᠢᠳ  7 ᠰᠠᠷ᠎ᠠ ᠶᠢᠨ 10 ᠤ ᠡᠳᠦᠷ ᠠᠴᠠ ᠡᠬᠢᠯᠡᠨ ᠤᠷᠴᠢᠭᠤᠯᠵᠤ᠂ 7 ᠰᠠᠷ᠎ᠠ ᠶᠢᠨ 18 ᠤ ᠡᠳᠦᠷ ᠪᠤᠯᠲᠠᠯ᠎ᠠ ᠰᠢᠩᠭᠡᠭᠡᠬᠦ᠂ ᠠᠮᠠ ᠪᠠᠷᠢᠬᠤ᠂ ᠲᠢᠭᠯᠡᠬᠦ᠂ ᠨᠡᠶᠢᠳᠭᠡᠬᠦ᠂ ᠬᠢᠨᠠᠬᠤ ᠵᠡᠷᠭᠡ ᠪᠦᠬᠦ᠋ᠢᠯᠡ ᠠᠵᠢᠯ ᠢᠶᠠᠨ ᠠᠮᠵᠢᠯᠲᠠ ᠲᠠᠢ ᠳᠠᠭᠤᠰᠬᠠᠵᠠᠢ᠃ ᠡᠶᠢᠨᠬᠦ 7 ᠰᠠᠷ᠎ᠠ ᠶᠢᠨ 28 ᠤ ᠡᠳᠦᠷ ᠮᠤᠩᠭᠤᠯ ᠬᠢᠳᠠᠳ ᠬᠤᠶᠠᠷ ᠬᠡᠯᠡ ᠪᠠᠷ ᠦᠵᠡᠭᠴᠢ ᠤᠯᠠᠨ ᠲᠠᠢ ᠪᠠᠨ ᠵᠤᠯᠭᠠᠬᠰᠠᠨ ᠪᠠᠶᠢᠨ᠎ᠠ᠃

ᠢᠷᠡᠯᠳᠡ᠄ ᠲᠤᠮᠳᠠᠳᠤ ᠤᠯᠤᠰ ᠤᠨ ᠮᠤᠩ᠌ᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121409319