蒙古文网站Logo
ᠰᠢᠨᠬᠤᠸᠠ ᠮᠤᠩᠭ᠋ᠤᠯ ᠨᠧᠲ

ᠤᠷᠠᠯᠢᠭ ᠤᠨ ᠬᠠᠪᠤ ᠴᠡᠩᠭᠡᠯ ᠢ ᠡᠳ᠋ᠯᠠᠨ᠎ᠠ

2017-08-01 11:45

    7 ᠰᠠᠷ᠎ᠠ ᠶᠢᠨ 29 ᠤ ᠡᠳᠦᠷ᠂ ᠬᠦᠬᠡᠬᠤᠲᠠ ᠶᠢᠨ ᠰᠡᠴᠡᠨᠲᠠᠨ᠎ᠠ ᠤᠷᠠᠯᠢᠭ ᠤᠨ ᠮᠦᠽᠸᠢ ᠳᠤ《 ᠲᠠᠯ᠎ᠠ ᠨᠤᠲᠤᠭ ᠤᠨ ᠪᠤᠯᠵᠤᠭ᠎ᠠ -- ᠳᠤᠮᠳᠠᠳᠤ ᠤᠯᠤᠰ ᠤᠨ ᠲᠤᠰᠤᠨ ᠵᠢᠷᠤᠭ ᠤᠨ ᠨᠡᠷᠡᠲᠤ ᠵᠢᠷᠤᠭᠴᠢᠳ ᠤᠨ ᠤᠷᠢᠯᠭ᠎ᠠ ᠶᠢᠨ ᠦᠵᠡᠰᠭᠦᠯᠡᠩ》ᠶᠠᠪᠤᠭᠳᠠᠪᠠ᠃ ᠲᠤᠰ ᠦᠵᠡᠰᠭᠦᠯᠡᠩ ᠢ ᠰᠡᠴᠡᠨᠲᠠᠨ᠎ᠠ ᠤᠷᠠᠯᠢᠭ ᠤᠨ ᠮᠦᠽᠸᠢ ᠵᠢᠴᠢ ᠦᠪᠦᠷ ᠮᠣᠩᠭᠣᠯ ᠤᠨ ᠲᠤᠰᠤᠨ ᠵᠢᠷᠤᠭ ᠤᠨ ᠨᠡᠶᠢᠭᠡᠮᠯᠢᠭ᠌  ᠡᠴᠡ ᠰᠠᠨᠠᠭᠠᠴᠢᠯᠠᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠳᠤ ᠵᠤᠷᠢᠭᠤᠯᠪᠠ᠃ ᠦᠵᠡᠰᠭᠦᠯᠡᠩ ᠤᠨ ᠠᠩᠬᠠᠨ ᠤ ᠡᠳᠦᠷ᠂ ᠵᠢᠷᠤᠭ ᠤᠨ ᠳᠤᠷ᠎ᠠ ᠪᠠᠬᠠᠳᠠᠳ ᠵᠢᠴᠢ ᠬᠤᠲᠠ ᠶᠢᠨ ᠢᠷᠭᠡᠳ ᠬᠦᠷᠦᠯᠴᠠᠨ ᠢᠷᠡᠵᠤ ᠦᠵᠡᠰᠭᠦᠯᠡᠩ ᠢ ᠰᠤᠨᠢᠷᠬᠠᠪᠠ᠃ ᠲᠤᠰ ᠦᠵᠡᠰᠭᠦᠯᠡᠩ 8 ᠰᠠᠷ᠎ᠠ ᠶᠢᠨ 28 ᠤ ᠡᠳᠦᠷ ᠳᠠᠭᠤᠰᠤᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠬᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121413689