蒙古文网站Logo
ᠰᠢᠨᠬᠤᠸᠠ ᠮᠤᠩᠭ᠋ᠤᠯ ᠨᠧᠲ

ᠬᠤᠷᠢᠨ ᠬᠤᠶᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠪᠠᠷ ᠵᠢᠷᠤᠭ ᠤᠨ ᠦᠵᠡᠰᠭᠦᠯᠡᠩ ᠲᠦᠩᠯᠢᠶᠤᠤ ᠳᠤ ᠪᠤᠯᠪᠠ

2017-08-02 17:09

    ᠲᠦᠷᠦᠭᠦᠬᠡᠨ᠂ ᠬᠤᠷᠢᠨ ᠬᠤᠶᠠᠳᠤᠭᠠᠷ ᠬᠤᠭᠤᠴᠠᠭᠠᠨ ᠤ ᠤᠯᠤᠰ ᠳᠠᠶᠠᠭᠠᠷ ᠤᠨ ᠪᠠᠷ ᠵᠢᠷᠤᠭ ᠤᠨ ᠦᠵᠡᠰᠭᠦᠯᠡᠩ ᠲᠦᠩᠯᠢᠶᠤᠤ ᠬᠤᠲᠠ ᠶᠢᠨ ᠪᠠᠷ ᠵᠢᠷᠤᠭ ᠤᠨ ᠤᠷᠠᠯᠢᠭ ᠤᠨ ᠲᠦᠪ ᠲᠤ ᠡᠬᠢᠯᠡᠪᠡ᠃

    30 ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠲᠤᠰ ᠦᠵᠡᠰᠭᠦᠯᠡᠩ ᠢ ᠳᠤᠮᠳᠠᠳᠤ ᠤᠯᠤᠰ ᠤᠨ ᠤᠷᠠᠨ ᠵᠢᠷᠤᠭ ᠤᠨ ᠨᠡᠶᠢᠭᠡᠮᠯᠢᠭ᠌ ᠪᠤᠯᠤᠨ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠡᠴᠡ ᠰᠠᠨᠠᠭᠠᠴᠢᠯᠠᠵᠤ᠂ ᠳᠤᠮᠳᠠᠳᠤ ᠤᠯᠤᠰ ᠤᠨ ᠤᠷᠠᠨ ᠵᠢᠷᠤᠭᠠᠴᠢ ᠶᠢᠨ ᠨᠡᠶᠢᠭᠡᠮᠯᠢᠭ᠌ ᠤᠨ ᠪᠠᠷ ᠵᠢᠷᠤᠭ ᠤᠨ ᠤᠷᠠᠯᠢᠭ ᠤᠨ ᠵᠦᠪᠯᠡᠯ ᠵᠡᠷᠭᠡ ᠪᠠᠶᠢᠭᠤᠯᠤᠯᠭ᠎ᠠ ᠡᠴᠡ ᠵᠤᠬᠢᠶᠠᠨ ᠪᠠᠶᠢᠭᠤᠯᠪᠠ᠃ 1954 ᠤᠨ ᠳᠤ ᠪᠡᠭᠡᠵᠢᠩ ᠳᠤ ᠠᠩᠬᠠᠳᠤᠭᠠᠷ ᠬᠤᠭᠤᠴᠠᠭᠠᠨ ᠤ ᠪᠠᠷ ᠵᠢᠷᠤᠭ ᠤᠨ ᠦᠵᠡᠰᠭᠦᠯᠡᠩ ᠳᠡᠯᠭᠡᠭ᠍ᠳᠡᠭᠰᠡᠨ ᠡᠴᠡ ᠨᠠᠰᠢ᠂ ᠠᠩᠬ᠎ᠠ ᠤᠳᠠᠭ᠎ᠠ ᠲᠤᠭᠤᠷᠢᠭ ᠤᠨ ᠵᠡᠷᠭᠡᠯᠡᠯ ᠲᠠᠢ ᠬᠤᠲᠠ ᠳᠤ ᠵᠤᠬᠢᠶᠠᠨ ᠪᠠᠶᠢᠭᠤᠯᠵᠤ ᠪᠠᠶᠢᠨ᠎ᠠ᠃ ᠦᠵᠡᠰᠭᠦᠯᠡᠩ ᠳᠤ ᠳᠤᠮᠳᠠᠳᠤ ᠤᠯᠤᠰ ᠤᠨ ᠰᠡᠭᠦᠯ ᠤᠨ ᠬᠤᠶᠠᠷ ᠵᠢᠯ ᠤᠨ ᠪᠠᠷ ᠵᠢᠷᠤᠭ ᠤᠨ ᠤᠷᠠᠯᠢᠬ ᠤᠨ ᠲᠦᠷᠢ ᠳᠦᠷᠬᠦ ᠶᠢ ᠪᠦᠬᠦ ᠲᠠᠯ᠎ᠠ ᠪᠡᠷ ᠳᠡᠯᠭᠡᠨ ᠦᠵᠡᠭᠦᠯᠬᠦ ᠶᠢᠨ ᠲᠤᠯᠠᠳᠠ ᠤᠯᠤᠰ ᠳᠠᠶᠠᠭᠠᠷ ᠤᠨ ᠨᠡᠶᠢᠲᠡ 2300 ᠭᠠᠷᠤᠢ ᠪᠠᠷ ᠵᠢᠷᠤᠭ ᠤᠨ ᠪᠦᠲᠦᠭᠡᠯ ᠡᠴᠡ 299 ᠪᠦᠲᠦᠭᠡᠯ ᠰᠢᠯᠭᠠᠷᠠᠭᠤᠯᠵᠤ ᠦᠵᠡᠰᠭᠦᠯᠡᠩ ᠳᠤ ᠳᠡᠯᠭᠡᠪᠡ᠂ ᠡᠭᠦᠨ ᠳᠤ᠂ ᠲᠦᠩᠯᠢᠶᠤᠤ ᠬᠤᠲᠠ ᠶᠢᠨ ᠪᠠᠷ ᠵᠢᠷᠤᠭ ᠤᠨ ᠵᠢᠷᠤᠭᠠᠴᠢᠳ ᠤᠨ 19 ᠪᠦᠲᠦᠭᠡᠯ ᠪᠠᠭᠲᠠᠵᠤ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠬᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121421663