蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠤᠯᠤᠰ ᠤᠨ ᠳᠤᠲᠤᠭᠠᠲᠤ ᠭᠠᠳᠠᠭᠠᠲᠤ ᠶᠢᠨ ᠤᠷᠠᠨ ᠵᠢᠷᠤᠭ ᠤᠨ ᠦᠵᠡᠭᠦᠯᠦᠯᠭᠡ ᠦᠬᠠᠢ ᠬᠤᠲᠠ ᠳᠤ ᠡᠬᠢᠯᠡᠪᠡ

2017-08-03 11:48

    8 ᠰᠠᠷ᠎ᠠ ᠶᠢᠨ 2 ᠤᠨ ᠡᠳᠦᠷ᠂ 4 ᠡᠳᠦᠷ ᠤᠨ ᠬᠤᠭᠤᠴᠠᠭ᠎ᠠ ᠲᠠᠢ ᠶᠠᠪᠤᠭᠳᠠᠬᠤ《ᠡᠭᠡ ᠤᠯᠤᠰ ᠤᠨ ᠤᠮᠠᠷᠠᠳᠦ ᠵᠢᠨ ᠦᠵᠡᠰᠬᠦᠯᠡᠩᠳᠦ ᠰᠠᠢᠢᠬᠠᠨ ᠦᠵᠡᠮᠵᠢ ᠵᠢᠨ ᠤᠷᠤᠨ ᠢ ᠴᠤᠬᠴᠠᠯᠠᠵᠦ ᠳᠤᠮᠳᠠᠳᠤ ᠵᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠵᠢᠨ ᠰᠢᠨ᠎ᠠ ᠬᠠᠭᠤᠳᠠᠰᠤ ᠵᠢ ᠪᠢᠴᠢᠭᠯᠡᠰᠦᠭᠡᠢ》- ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠢᠢᠭᠤᠯᠤᠭᠳᠠᠭᠰᠠᠨ 70 ᠵᠢᠯ ᠤᠨ ᠤᠢ ᠵᠢ ᠪᠡᠯᠭᠡᠯᠡᠬᠦ ᠤᠯᠤᠰ ᠤᠨ ᠳᠤᠳᠤᠭᠠᠳᠦ ᠭᠠᠳᠠᠭᠠᠳᠦ ᠵᠢᠨ ᠤᠷᠠᠨ ᠵᠢᠷᠤᠭ ᠤᠷᠠᠨ ᠪᠢᠴᠢᠯᠭᠡ ᠵᠢᠨ ᠦᠵᠡᠬᠦᠯᠦᠯᠭᠡ ᠦᠬᠠᠢ ᠬᠤᠳᠠ ᠳ᠋ᠦ ᠡᠬᠢᠯᠡᠪᠡ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠤ ᠵᠢᠨ ᠵᠦᠪᠯᠠᠯᠭᠡᠨ ᠤ ᠲᠡᠳ᠋ ᠲᠠᠷᠢᠭᠦᠯᠡᠭᠴᠢ᠂ ᠥᠪᠦᠷ ᠮᠤᠩᠭ᠋ᠤᠯ ᠤᠨ ᠨᠠᠮ ᠤᠨ ᠭᠠᠳᠠᠨᠠᠬᠢ ᠰᠡᠭᠡᠭᠡᠳᠡᠨ ᠤ ᠨᠦᠬᠦᠷᠯᠡᠯ ᠤᠨ ᠬᠤᠯᠪᠤᠭᠠᠨ ᠤ ᠳᠠᠷᠤᠭ᠎ᠠ ᠵᠸᠩ ᠹᠦ᠋ ᠲᠢᠶᠠᠨ ᠡᠬᠢᠯᠡᠯᠳᠠ ᠵᠢᠨ ᠶᠤᠰᠤᠯᠠᠯ ᠳ᠋ᠦ ᠤᠷᠤᠯᠴᠠᠵᠠᠢ᠃

    ᠲᠤᠰ ᠤᠳᠠᠭᠠᠨ ᠤ ᠤᠯᠤᠰ ᠤᠨ ᠳᠤᠳᠤᠭᠠᠳᠦ ᠭᠠᠳᠠᠭᠠᠳᠦ ᠵᠢᠨ ᠤᠷᠠᠨ ᠵᠢᠷᠤᠭ ᠤᠷᠠᠨ ᠪᠢᠴᠢᠯᠭᠡ ᠵᠢᠨ ᠦᠵᠡᠬᠦᠯᠦᠯᠭᠡ ᠵᠢ ᠥᠪᠦᠷ ᠮᠤᠩᠭ᠋ᠤᠯ ᠤᠨ ᠨᠠᠮ ᠤᠨ ᠭᠠᠳᠠᠨᠠᠬᠢ ᠰᠡᠭᠡᠭᠡᠳᠡᠨ ᠤ ᠨᠦᠬᠦᠷᠯᠡᠯ ᠤᠨ ᠬᠤᠯᠪᠤᠭ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠠᠢᠢᠸᠠᠨ ᠤ ᠭᠡᠷᠡᠭ ᠡᠷᠬᠢᠯᠡᠬᠦ ᠠᠯᠪᠡᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠠᠭᠠᠨ ᠪᠤᠴᠠᠭᠰᠠᠨ ᠳᠤᠮᠳᠠᠳᠤ ᠵᠢᠨ ᠬᠠᠷᠢᠶᠠᠳᠤ ᠵᠢᠨ ᠬᠤᠯᠪᠤᠭᠠᠳᠦ ᠬᠤᠷᠠᠯ᠂ ᠥᠪᠦᠷ ᠮᠤᠩᠭ᠋ᠤᠯ ᠤᠨ ᠰᠢᠨ᠎ᠠ ᠨᠡᠢᠢᠭᠡᠮ ᠤᠨ ᠠᠩᠬᠢ ᠳᠠᠪᠬᠤᠷᠭ᠎ᠠ ᠵᠢᠨ ᠬᠦᠮᠦᠰ ᠤᠨ ᠨᠦᠬᠦᠷᠯᠡᠯ ᠤᠨ ᠬᠤᠯᠪᠤᠭᠠᠠ ᠡᠴᠡ ᠬᠠᠮᠳᠤᠷᠠᠨ ᠡᠷᠬᠢᠯᠡᠵᠡᠢ᠃ ᠦᠵᠡᠬᠦᠯᠦᠯᠭᠡ ᠨᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠭᠠᠳᠠᠨᠠᠬᠢ ᠰᠡᠭᠡᠭᠡᠳᠡᠨ᠂ ᠰᠢᠨ᠎ᠠ ᠨᠡᠢᠢᠭᠡᠮ ᠤᠨ ᠠᠩᠬᠢ ᠳᠠᠪᠬᠤᠷᠭ᠎ᠠ ᠶᠢᠨ ᠬᠦᠮᠦᠰ ᠵᠢᠴᠢ ᠲᠠᠢᠢᠸᠠᠨ᠂ ᠤᠯᠤᠰ ᠤᠨ ᠳᠤᠳᠤᠭᠠᠳᠦ ᠭᠠᠳᠠᠭᠠᠳᠦ ᠵᠢᠨ ᠤᠷᠠᠨ ᠵᠢᠷᠤᠬᠴᠢᠨ ᠤᠷᠠᠨ ᠪᠢᠴᠢᠯᠭᠡᠳᠡᠨ ᠤ 400 ᠭᠠᠷᠤᠢ ᠪᠦᠳᠦᠭᠡᠯ ᠢ ᠡᠯᠰᠡᠨ ᠴᠤᠬᠯᠠᠭᠤᠯᠵᠦ᠂ ᠲᠤᠰᠬᠠᠢ ᠮᠡᠷᠭᠡᠵᠢᠯᠳᠡᠨ ᠦᠨᠡᠯᠡᠨ ᠲᠤᠭᠳᠠᠭᠠᠵᠦ 188 ᠪᠦᠳᠦᠭᠡᠯ ᠢ ᠰᠤᠩᠭ᠋ᠤᠨ ᠳᠡᠯᠭᠡᠨ ᠦᠵᠡᠬᠦᠯᠵᠡᠢ᠃ ᠦᠵᠡᠬᠦᠯᠦᠯᠭᠡ ᠳ᠋ᠦ ᠤᠷᠤᠯᠴᠠᠬᠰᠠᠨ ᠪᠦᠳᠦᠭᠡᠯ ᠤᠳ ᠨᠢ ᠠᠳᠠᠯᠢ ᠪᠤᠰᠤ ᠲᠠᠯ᠎ᠠ ᠡᠴᠡ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠢᠢᠭᠤᠯᠤᠭᠳᠠᠭᠰᠠᠨ 70 ᠵᠢᠯ ᠤᠨ ᠲᠤᠷᠰᠢᠲᠠ ᠤᠯᠤᠭᠰᠠᠨ ᠭᠡᠷᠡᠯ ᠰᠠᠴᠤᠷᠠᠩᠭ᠋ᠤᠢ ᠠᠮᠵᠢᠯᠳᠠ ᠵᠢ ᠮᠠᠬᠳᠠᠨ ᠳᠠᠭᠤᠯᠠᠵᠦ᠂ ᠡᠭᠡ ᠤᠯᠤᠰ ᠪᠠ ᠭᠡᠷ ᠨᠤᠲᠤᠭ ᠢᠶᠡᠨ ᠬᠠᠢᠢᠷᠠᠯᠠᠬᠤ ᠰᠡᠳᠬᠢᠯᠭᠡ ᠪᠡᠨ ᠤᠶᠠᠩᠭ᠋ᠠᠯᠠᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121425692