蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠦᠪᠦᠷ ᠮᠣᠩᠭᠣᠯ ᠤᠨ ᠤᠷᠠᠨ ᠵᠢᠷᠤᠭ ᠤᠨ ᠰᠢᠨ᠎ᠠ ᠤᠷᠳᠤᠨ ᠤ ᠴᠤᠪᠤᠷᠠᠯ ᠦᠵᠡᠰᠭᠦᠯᠡᠩ ᠨᠡᠭᠡᠭᠡᠯᠲᠡ ᠪᠡᠨ ᠬᠢᠪᠠ

2017-08-04 16:09

    8 ᠰᠠᠷ᠎ᠠ ᠶᠢᠨ 4 ᠤ ᠡᠳᠦᠷ᠂ 《ᠲᠠᠯ᠎ᠠ ᠨᠤᠲᠤᠭ ᠢᠶᠡᠨ ᠮᠠᠭᠳᠠᠨ ᠳᠠᠭᠤᠯᠠᠵᠤ ᠳᠤᠮᠳᠠᠳᠤ ᠶᠢᠨ ᠵᠡᠭᠦᠲᠤ ᠪᠡᠨ ᠲᠡᠷᠭᠡᠯᠰᠢᠭᠦᠯᠦᠶ᠎ᠠ》ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ -- ᠦᠪᠦᠷ ᠮᠣᠩᠭᠣᠯ ᠤᠨ ᠤᠷᠠᠨ ᠵᠢᠷᠤᠭ ᠤᠨ ᠰᠢᠨ᠎ᠠ ᠤᠷᠳᠤᠨ ᠤ ᠴᠤᠪᠤᠷᠠᠯ ᠦᠵᠡᠰᠭᠦᠯᠡᠩ ᠨᠡᠭᠡᠭᠡᠯᠲᠡ ᠪᠡᠨ ᠬᠢᠪᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠵᠡᠰᠭᠦᠯᠡᠩ ᠡᠬᠢᠯᠡᠭᠰᠡᠨ ᠢ ᠵᠠᠷᠯᠠᠪᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠠᠷᠢᠭᠦᠯᠡᠭᠴᠢ ᠷᠸᠨ ᠶᠠ ᠫᠢᠩ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭ᠋ᠤ ᠶᠢᠨ ᠭᠡᠰᠢᠭᠦᠨ᠂ ᠬᠦᠬᠡᠬᠤᠲᠠ ᠶᠢᠨ ᠨᠠᠮ ᠤᠨ ᠬᠤᠷᠢᠶᠠᠨ ᠤ ᠱᠦᠵᠢ ᠶᠦᠨ ᠭᠤᠸᠠᠩ ᠵᠦᠩ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭ᠋ᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠦᠢ ᠭᠠᠩ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠳᠡᠳ᠋ ᠡᠷᠬᠢᠯᠡᠭᠴᠢ ᠡᠦ ᠲᠤᠸᠠᠨ ᠶᠢᠩ ᠨᠠᠷ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃ ᠪᠠᠢ ᠢᠦᠢ ᠭᠠᠩ ᠡᠬᠢᠯᠡᠯᠲᠡ ᠶᠢᠨ ᠶᠤᠰᠤᠯᠠᠯ ᠳᠤ ᠦᠭᠡ ᠬᠡᠯᠡᠪᠡ᠃

    ᠦᠪᠦᠷ ᠮᠣᠩᠭᠣᠯ ᠤᠨ ᠤᠷᠠᠨ ᠵᠢᠷᠤᠭ ᠤᠨ ᠰᠢᠨ᠎ᠠ ᠤᠷᠳᠤᠨ ᠨᠡᠭᠡᠭᠡᠭ᠍ᠳᠡᠬᠦ ᠴᠤᠪᠤᠷᠠᠯ ᠦᠵᠡᠰᠭᠦᠯᠡᠩ ᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠤᠯᠪᠤᠭ᠎ᠠ ᠪᠤᠯᠤᠨ ᠦᠪᠦᠷ ᠮᠣᠩᠭᠣᠯ ᠤᠨ ᠤᠷᠠᠨ ᠵᠢᠷᠤᠭ ᠤᠨ ᠤᠷᠳᠤᠨ ᠡᠴᠡ ᠵᠤᠬᠢᠶᠠᠨ ᠪᠠᠶᠢᠭᠤᠯᠪᠠ᠃ ᠭᠤᠤᠯᠳᠠᠭᠤ 《ᠦᠪᠦᠷ ᠮᠣᠩᠭᠣᠯ ᠤᠨ ᠴᠢᠬᠤᠯᠠ ᠲᠡᠤᠬᠡ ᠰᠤᠶᠤᠯ ᠤᠨ ᠰᠡᠲᠦᠪᠲᠤ ᠤᠷᠠᠨ ᠵᠢᠷᠤᠭ ᠤᠨ ᠦᠵᠡᠰᠭᠦᠯᠡᠩ 》《ᠤᠯᠠᠭᠠᠨᠬᠦᠦ ᠨᠦᠬᠦᠷ ᠤᠨ ᠤᠷᠠᠨ ᠪᠢᠴᠢᠯᠭᠡ ᠶᠢᠨ ᠦᠵᠡᠰᠭᠦᠯᠡᠩ》《 ᠦᠪᠦᠷ ᠮᠣᠩᠭᠣᠯ ᠤᠨ ᠤᠷᠠᠨ ᠵᠢᠷᠤᠭ ᠤᠨ ᠤᠷᠳᠤᠨ ᠤ ᠬᠠᠳᠠᠭᠠᠯᠠᠬᠰᠠᠨ ᠪᠦᠲᠦᠭᠡᠯ ᠤᠨ ᠦᠵᠡᠰᠭᠦᠯᠡᠩ》《 ᠦᠪᠦᠷ ᠮᠣᠩᠭᠣᠯ ᠤᠨ ᠤᠳᠤ ᠦᠶ᠎ᠠ ᠶᠢᠨ ᠤᠷᠠᠨ ᠵᠢᠷᠤᠭ ᠤᠨ ᠬᠦᠭ᠍ᠵᠢᠯᠲᠠ ᠶᠢᠨ ᠦᠵᠡᠰᠭᠦᠯᠡᠩ》《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠦᠪᠦᠷ ᠮᠣᠩᠭᠣᠯ ᠤᠨ ᠤᠷᠠᠨ ᠵᠢᠷᠤᠭ᠂ ᠤᠷᠠᠨ ᠪᠢᠴᠢᠯᠭᠡ᠂ ᠭᠡᠷᠡᠯ ᠵᠢᠷᠤᠭ ᠤᠨ ᠦᠵᠡᠰᠭᠦᠯᠡᠩ》 ᠵᠡᠷᠭᠡ ᠴᠤᠪᠤᠷᠠᠯ ᠦᠵᠡᠰᠭᠦᠯᠡᠩ ᠲᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121433207