蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠾᠸᠪᠸᠢ ᠯᠢᠶᠤᠤᠨᠢᠩ ᠤᠨ ᠰᠤᠶᠤᠯ ᠤᠨ ᠠᠵᠤ ᠦᠢᠯᠡᠰ ᠤᠨ ᠶᠠᠭᠠᠷᠠᠮᠠᠭ ᠡᠬᠢᠯᠡᠪᠡ

2017-08-04 16:09

    8 ᠰᠠᠷ᠎ᠠ ᠶᠢᠨ 3 ᠤ ᠡᠳᠦᠷ᠂ ᠬᠤᠶᠠᠳᠤᠭᠠᠷ ᠬᠤᠭᠤᠴᠠᠭᠠᠨ ᠤ ᠤᠯᠠᠭᠠᠨᠬᠠᠲᠠ · ᠦᠪᠦᠷ ᠮᠣᠩᠭᠣᠯ ᠾᠸᠪᠸᠢ ᠯᠢᠶᠤᠤᠨᠢᠩ ᠤᠨ ᠰᠤᠶᠤᠯ ᠤᠨ ᠠᠵᠤ ᠦᠢᠯᠡᠰ ᠤᠨ ᠶᠠᠭᠠᠷᠠᠮᠠᠭ ᠤᠯᠠᠭᠠᠨᠬᠠᠲᠠ ᠶᠢᠨ ᠤᠯᠠᠨ ᠤᠯᠤᠰ ᠤᠨ ᠦᠵᠡᠰᠭᠦᠯᠡᠩ ᠤᠨ ᠲᠦᠪ ᠲᠤ ᠡᠬᠢᠯᠡᠪᠡ᠃ ᠤᠯᠤᠰ ᠤᠷᠤᠨ ᠤ ᠡᠯ᠎ᠠ ᠪᠦᠰᠡ ᠨᠤᠲᠤᠭ ᠵᠢᠴᠢ ᠫᠠᠺᠢᠰᠲ᠋ᠠᠨ᠂ ᠡᠨᠡᠳᠬᠡᠭ᠌ ᠵᠡᠷᠭᠡ 19 ᠤᠯᠤᠰ ᠪᠤᠯᠤᠨ ᠪᠦᠰᠡ ᠨᠤᠲᠤᠭ ᠤᠨ 1000 ᠭᠠᠷᠤᠢ ᠦᠵᠡᠰᠭᠦᠯᠡᠩ ᠬᠤᠳᠠᠯᠳᠤᠭ᠎ᠠ ᠬᠦᠷᠦᠯᠴᠡᠨ ᠢᠷᠡᠵᠤ᠂ 80 ᠲᠦᠮᠡ ᠭᠠᠷᠤᠢ ᠪᠦᠲᠦᠭᠡᠯ ᠳᠡᠯᠭᠡᠨ ᠦᠵᠡᠭᠦᠯᠪᠠ᠃

    ᠲᠤᠰ ᠤᠳᠠᠭᠠᠨ ᠤ ᠶᠠᠭᠠᠷᠠᠮᠠᠭ  5 ᠡᠳᠦᠷ ᠤᠨ ᠬᠤᠭᠤᠴᠠᠭ᠎ᠠ ᠲᠠᠢ ᠦᠷᠭᠦᠯᠵᠢᠯᠡᠵᠤ᠂ 1420 ᠳᠡᠯᠭᠡᠨ ᠪᠤᠷᠤᠯᠠᠭᠤᠯᠬᠤ ᠪᠠᠶᠢᠷᠢ ᠲᠤᠬᠢᠷᠠᠭᠤᠯᠵᠠᠢ᠃ ᠶᠠᠭᠠᠷᠠᠮᠠᠭ ᠲᠤ ᠭᠠᠷ ᠤᠷᠠᠯᠠᠯ ᠤᠷᠠᠨ ᠵᠢᠷᠤᠭ ᠤᠨ ᠪᠦᠲᠦᠭᠡᠭ᠍ᠲᠡᠬᠦᠨ᠂ ᠰᠤᠪᠤᠳ ᠡᠷᠳᠡᠨᠢᠰ ᠬᠠᠰ ᠡᠳ᠋ᠯᠠᠯ᠂ ᠯᠢᠶᠤᠤᠨᠢᠩ ᠤᠨ ᠱᠠᠭᠠᠵᠠᠩ ᠪᠦᠲᠦᠭᠡᠭ᠍ᠲᠡᠬᠦᠨ ᠤ ᠳᠠᠭᠤᠷᠢᠶᠠᠮᠠᠯ ᠵᠢᠴᠢ ᠲᠠᠷᠢᠶᠠᠯᠠᠬᠤ ᠰᠤᠶᠤᠯ᠂ ᠢᠳᠡᠭᠡᠨ ᠤᠮᠳᠠᠭᠠᠨ ᠤ ᠰᠤᠶᠤᠯ᠂ ᠠᠷᠢᠬᠢᠨ ᠤ ᠰᠤᠶᠤᠯ ᠵᠡᠷᠭᠡ ᠶᠢ ᠬᠠᠮᠤᠷᠠᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121433220